ᠨᠢᠭᠡᠨ ᠵᠠᠭᠤᠨ ᠤ ᠲᠡᠦᠬᠡᠨ ᠣᠢ ᠪᠠᠨ ᠲᠡᠮᠳᠡᠭᠯᠡᠵᠦ ᠪᠠᠶᠢᠨ᠎ᠠ | News.MN

ᠨᠢᠭᠡᠨ ᠵᠠᠭᠤᠨ ᠤ ᠲᠡᠦᠬᠡᠨ ᠣᠢ ᠪᠠᠨ ᠲᠡᠮᠳᠡᠭᠯᠡᠵᠦ ᠪᠠᠶᠢᠨ᠎ᠠ

ᠮᠣᠩᠭᠣᠯ ᠤᠯᠤᠰ ᠤᠨ ᠤᠤᠭᠠᠨ ᠳᠥᠷᠪᠡᠨ ᠠᠶᠢᠮᠠᠭ ᠤᠨ ᠨᠢᠭᠡ ᠠᠷᠤᠬᠠᠩᠭᠠᠢ ᠠᠶᠢᠮᠠᠭ ᠪᠠᠢᠭᠤᠯᠤᠭᠳᠠᠭᠰᠠᠨ ᠤ 100 ᠵᠢᠯ ᠦᠨ ᠣᠢ ᠶᠢᠨ ᠪᠠᠶᠠᠷ ᠡᠨᠡ ᠡᠳᠦᠷ ᠦᠳ ᠲᠦ ᠲᠣᠬᠢᠶᠠᠵᠤ ᠪᠠᠶᠢᠨ᠎ᠠ᠃ ᠣᠢ ᠶᠢᠨ ᠪᠠᠶᠠᠷ ᠤᠨ ᠬᠤᠷᠠᠯ ᠭ ∙ ᠳᠠᠮᠢᠳ ᠵᠠᠩᠵᠤᠨ ᠤ ᠲᠠᠯᠠᠪᠠᠢ ᠳᠤ ᠪᠣᠯᠤᠯ᠎ᠠ᠃
ᠶᠤᠰᠤᠯᠠᠯ ᠳᠤ ᠤᠷᠤᠯᠴᠠᠵᠤ ᠪᠤᠢ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠬᠡᠯᠡᠬᠦ ᠳᠦ ᠪᠡᠨ᠄ ᠬᠠᠯᠬ᠎ᠠ ᠶᠢᠨ ᠰᠠᠶᠢᠨ ᠨᠣᠶᠠᠨ ᠤ ᠠᠶᠢᠮᠠᠭ᠂ ᠪᠣᠭᠳᠠ ᠬᠠᠭᠠᠨᠲᠤ ᠮᠣᠩᠭᠣᠯ ᠤᠯᠤᠰ ᠤᠨ ᠰᠠᠶᠢᠨ ᠨᠣᠶᠠᠨ ᠬᠠᠨ ᠠᠶᠢᠮᠠᠭ ᠤᠨ ᠭᠠᠯ ᠭᠣᠯᠣᠮᠲᠠ ᠪᠣᠯᠤᠭᠰᠠᠨ ᠠᠷᠤᠬᠠᠩᠭᠠᠢ ᠠᠶᠢᠮᠠᠭ 1923 ᠣᠨ ᠤ ᠵᠠᠰᠠᠭ ᠵᠠᠬᠢᠷᠭᠠᠨ ᠤ ᠰᠢᠨᠡᠴᠢᠯᠡᠯᠲᠡ ᠪᠡᠷ ᠴᠡᠴᠡᠷᠯᠢᠭ ᠮᠠᠨᠳᠤᠯ ᠠᠭᠤᠯᠠ ᠶᠢᠨ ᠠᠶᠢᠮᠠᠭ ᠬᠡᠮᠡᠨ ᠨᠡᠷᠡᠯᠡᠭᠳᠡᠵᠦ᠂ ᠤᠯᠠᠮ ᠢᠶᠠᠷ 1931 ᠣᠨ ᠳᠤ ᠠᠷᠤ ᠶᠢᠨ ᠰᠠᠶᠢᠬᠠᠨ ᠬᠠᠩᠭᠠᠢ ᠪᠠᠷ ᠢᠶᠠᠨ ᠣᠪᠤᠭᠯᠠᠭᠰᠠᠨ ᠲᠡᠦᠬᠡ ᠲᠡᠢ ᠠᠵᠡᠢ᠃
ᠠᠷᠤᠬᠠᠩᠭᠠᠢ ᠨᠤᠲᠤᠭ ᠤᠨ ᠪᠦᠲᠦᠭᠡᠯᠴᠢ ᠠᠷᠠᠳ ᠲᠦᠮᠡᠨ ᠪᠠᠢᠭᠠᠯᠢ ᠶᠢᠨ ᠪᠣᠯᠤᠨ ᠬᠦᠮᠦᠨ ᠦ ᠬᠦᠴᠦᠨ ᠵᠦᠢᠯ ᠦᠨ ᠦᠨ᠎ᠡ ᠴᠡᠨ᠎ᠡ ᠲᠡᠢ ᠪᠠᠶᠠᠯᠢᠭ ᠢᠶᠠᠨ ᠬᠥᠭᠵᠢᠯ ᠦᠨ ᠬᠦᠴᠦᠷᠬᠡᠭ ᠬᠥᠰᠢᠭᠦᠷᠭᠡ ᠪᠣᠯᠭᠠᠵᠤ᠂ ᠤᠳᠤᠮᠲᠤ ᠳᠡᠭᠡᠳᠦᠰ ᠦᠨ ᠢᠶᠡᠨ ᠥᠪᠯᠡᠭᠦᠯᠦᠨ ᠦᠯᠡᠳᠡᠭᠡᠭᠰᠡᠨ ᠭᠠᠶᠢᠬᠠᠮ᠎ᠠ ᠰᠠᠶᠢᠬᠠᠨ ᠭᠠᠵᠠᠷ ᠨᠤᠲᠤᠭ ᠲᠤ ᠪᠠᠨ ᠬᠥᠭᠵᠢᠯ ᠴᠡᠴᠡᠭᠯᠡᠯᠲᠡ ᠶᠢᠨ ᠲᠡᠦᠬᠡ ᠪᠡᠨ ᠤᠯᠠᠮ ᠤᠯᠠᠮ ᠢᠶᠠᠷ ᠠᠷᠪᠢᠵᠢᠭᠤᠯᠤᠨ ᠵᠤᠵᠠᠭᠠᠳᠬᠠᠵᠤ᠂ ᠰᠢᠨ᠎ᠡ ᠢᠷᠡᠭᠡᠳᠦᠢ ᠶᠢ ᠪᠦᠲᠦᠭᠡᠨ ᠴᠤᠭᠴᠠᠯᠠᠨ᠎ᠠ ᠭᠡᠳᠡᠭ ᠲᠦ ᠡᠷᠡᠭᠡᠯᠵᠡᠬᠦ ᠦᠭᠡᠢ ᠪᠠᠶᠢᠨ᠎ᠠ᠃
ᠠᠶᠢᠮᠠᠭ ᠪᠠᠢᠭᠤᠯᠤᠭᠳᠠᠭᠰᠠᠨ ᠤ ᠲᠡᠦᠬᠡᠲᠦ 100 ᠵᠢᠯ ᠦᠨ ᠣᠢ ᠪᠠᠨ ᠥᠷᠭᠡᠨ ᠣᠯᠠᠨ ᠲᠦᠮᠡᠨ᠂ ᠠᠯᠲᠠᠨ ᠨᠤᠲᠤᠭ ᠤᠨ ᠬᠢᠨ᠂ ᠠᠬᠠᠨ ᠳᠡᠭᠦᠰ ᠢᠶᠡᠷ ᠢᠶᠡᠨ ᠶᠣᠰᠣᠯᠠᠯ ᠲᠡᠭᠦᠯᠳᠡᠷ ᠲᠡᠮᠳᠡᠭᠯᠡᠵᠦ᠂ ᠰᠢᠨ᠎ᠡ ᠵᠠᠭᠤᠨ ᠤ ᠪᠠᠨ ᠲᠡᠦᠬᠡ ᠶᠢ ᠠᠮᠵᠢᠯᠲᠠ ᠪᠦᠲᠦᠭᠡᠯ᠂ ᠰᠤᠤ ᠠᠯᠳᠠᠷ ᠢᠶᠠᠷ ᠪᠠᠶᠠᠵᠢᠭᠤᠯᠵᠤ᠂ ᠡᠯᠢᠭᠡᠨ ᠲᠦᠮᠡᠨ ᠢᠶᠡᠷ ᠢᠶᠡᠨ ᠡᠩᠬᠡ ᠠᠮᠤᠭᠤᠯᠠᠩ᠂ ᠡᠰᠡᠨ ᠵᠢᠷᠭᠠᠯ ᠲᠠᠢ ᠪᠠᠶᠢᠬᠤ ᠶᠢᠨ ᠢᠷᠦᠭᠡᠯ ᠡᠷᠭᠦᠶ᠎ᠡ ᠬᠡᠮᠡᠪᠡ᠃

ᠰᠡᠳᠬᠢᠭᠳᠡᠯ ᠦᠯᠡᠳᠡᠭᠡᠬᠦ