ᠮᠣᠩᠭᠣᠯ ᠤᠯᠤᠰ ᠤᠨ ᠶᠡᠷᠦᠩᠬᠡᠢ ᠰᠠᠶᠢᠳ ᠯ ∙ᠤᠶᠤᠡᠡᠷᠳᠡᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠳᠡᠳ᠋ ᠶᠡᠷᠦᠩᠬᠡᠶᠢᠯᠡᠭᠴᠢ ᠡᠷᠬᠢᠮᠰᠦᠭ ᠬᠠᠲᠤᠭᠲᠠᠢ ᠺᠠᠮᠠᠯᠠ ᠬᠠᠷᠷᠢᠰ ᠤᠨ ᠤᠷᠢᠯᠭ᠎ᠠ ᠪᠠᠷ ᠲᠤᠰ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ ᠂ ᠬᠤᠶᠠᠷ ᠤᠨ ᠡᠳᠦᠷ ᠺᠠᠮᠠᠯᠠ ᠬᠠᠷᠷᠢᠰ ᠲᠠᠢ ᠴᠠᠭᠠᠨ ᠣᠷᠳᠣᠨ ᠳᠤ ᠠᠯᠪᠠᠨ ᠶᠣᠰᠣᠨ ᠤ ᠬᠡᠯᠡᠯᠴᠡᠭᠡ ᠬᠢᠪᠡ᠃ ᠬᠡᠯᠡᠯᠴᠡᠭᠡᠨ ᠦ ᠡᠮᠦᠨ᠎ᠡ ᠮᠣᠩᠭᠣᠯ᠂ ᠠᠮᠧᠷᠢᠺᠠ ᠶᠢᠨ ᠰᠲᠷᠠᠲ᠋ᠧᠭᠢ ᠶᠢᠨ ᠲᠦᠩᠰᠢᠯᠡᠯ ᠦᠨ ᠥᠨᠥ ᠶᠢᠨ ᠪᠠᠶᠢᠳᠠᠯ᠂ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠡᠷᠢᠭᠦᠯᠡᠬᠦ ᠴᠢᠭᠯᠡᠯ ᠦᠨ ᠲᠠᠯ᠎ᠠ ᠪᠠᠷ ᠬᠣᠶᠠᠷ ᠣᠷᠣᠨ ᠤ ᠵᠠᠰᠠᠭ ᠤᠨ ᠭᠠᠵᠠᠷ ᠤᠨ ᠲᠦᠪᠰᠢᠨ ᠳᠦ ᠠᠩᠬ᠎ᠠ ᠤᠳᠠᠭ᠎ᠠ ᠮᠡᠳᠡᠭᠳᠡᠯ ᠬᠢᠯ᠎ᠡ᠃
ᠶᠡᠷᠦᠩᠬᠡᠢ ᠰᠠᠶᠢᠳ ᠯ∙ᠤᠶᠤᠡᠡᠷᠳᠡᠨᠢ᠂ ᠳᠡᠳ᠋ ᠶᠡᠷᠦᠩᠬᠡᠶᠢᠯᠡᠭᠴᠢ ᠺ∙ᠬᠠᠷᠷᠢᠰ ᠮᠣᠩᠭᠣᠯ᠂ ᠠᠮᠧᠷᠢᠺᠠ ᠶᠢᠨ ᠬᠠᠷᠢᠯᠴᠠᠭ᠎ᠠ ᠰᠲᠷᠠᠲ᠋ᠧᠭᠢ ᠶᠢᠨ ᠲᠦᠩᠰᠢᠯᠡᠯ ᠪᠡᠬᠢᠵᠢᠵᠦ᠂ ᠬᠠᠮᠲᠤ ᠶᠢᠨ ᠠᠵᠢᠯᠯᠠᠭᠠᠨ ᠤ ᠬᠦᠷᠢᠶ᠎ᠡ ᠤᠯᠤᠰ ᠲᠥᠷᠥ᠂ ᠪᠠᠲᠤᠯᠠᠨ ᠬᠠᠮᠠᠭᠠᠯᠠᠬᠤ᠂ ᠡᠳ᠋ ᠦᠨ ᠵᠠᠰᠠᠭ᠂ ᠪᠣᠯᠪᠠᠰᠤᠷᠠᠯ᠂ ᠬᠦᠮᠦᠯᠢᠭ ᠦᠨ ᠰᠠᠯᠪᠤᠷᠢ ᠳᠤ ᠥᠷᠭᠡᠵᠢᠵᠦ ᠪᠠᠶᠢᠭ᠎ᠠ ᠶᠢ ᠣᠨᠴᠠᠯᠠᠨ ᠲᠡᠮᠳᠡᠭᠯᠡᠭᠡᠳ ᠴᠠᠭᠠᠰᠢᠳᠠ ᠬᠣᠶᠠᠷ ᠤᠯᠤᠰ ᠤᠨ ᠬᠠᠮᠲᠤ ᠶᠢᠨ ᠠᠵᠢᠯᠯᠠᠭ᠎ᠠ ᠶᠢ ᠰᠠᠨᠰᠠᠷ ᠰᠤᠳᠤᠯᠤᠯ᠂ ᠴᠠᠬᠢᠮ ᠬᠥᠭᠵᠢᠯ᠂ ᠡᠷᠦᠳᠡᠰᠦ ᠪᠠᠶᠠᠯᠢᠭ᠂ ᠲᠡᠭᠡᠭᠡᠪᠦᠷᠢ᠂ ᠯᠤᠵᠢᠰᠲ᠋ᠢᠺ᠂ ᠴᠠᠭ ᠠᠭᠤᠷ ᠤᠨ ᠥᠭᠡᠷᠡᠴᠢᠯᠡᠯᠲᠡ ᠵᠡᠷᠭᠡ ᠰᠠᠯᠪᠤᠷᠢ ᠳᠤ ᠭᠦᠨᠵᠡᠭᠡᠶᠢᠷᠡᠭᠦᠯᠦᠨ ᠬᠥᠭᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃
ᠮᠦᠨ ᠬᠤᠶᠠᠷ ᠲᠠᠯ᠎ᠠ ᠠᠭᠠᠷ ᠤᠨ ᠲᠡᠭᠡᠭᠡᠪᠦᠷᠢ ᠶᠢᠨ ᠲᠤᠬᠠᠢ ᠬᠡᠯᠡᠯᠴᠡᠭᠡᠷ ᠪᠠᠶᠢᠭᠤᠯᠵᠤ ᠮᠣᠩᠭᠣᠯ ᠤᠯᠤᠰ᠂ ᠠᠮᠧᠷᠢᠺᠠ ᠶᠢᠨ ᠬᠣᠭᠣᠷᠣᠨᠳᠣ 2024 ᠣᠨ ᠤ ᠬᠣᠶᠠᠳᠤᠭᠠᠷ ᠤᠯᠠᠷᠢᠯ ᠠᠴᠠ ᠰᠢᠭᠤᠳ ᠨᠢᠰᠦᠯᠭᠡ ᠦᠢᠯᠡᠳᠬᠦ ᠪᠣᠯᠤᠭᠰᠠᠨ ᠢᠶᠠᠨ ᠮᠡᠳᠡᠭᠳᠡᠯ᠎ᠡ᠃
ᠳᠡᠳ᠋ ᠶᠡᠷᠦᠩᠬᠡᠶᠢᠯᠡᠭᠴᠢ ᠺᠠᠮᠠᠯᠠ ᠬᠠᠷᠷᠢᠰ ᠣᠯᠠᠨ ᠵᠢᠯ ᠦᠨ ᠳᠠᠷᠠᠭ᠎ᠠ ᠮᠣᠩᠭᠣᠯ ᠤᠯᠤᠰ ᠤᠨ ᠶᠡᠷᠦᠩᠬᠡᠢ ᠰᠠᠶᠢᠳ ᠠᠯᠪᠠᠨ ᠶᠣᠰᠣᠨ ᠤ ᠠᠶᠢᠯᠴᠢᠯᠠᠯ ᠬᠢᠵᠦ ᠪᠤᠢ ᠳᠤ ᠪᠠᠶᠠᠷ ᠲᠠᠢ ᠪᠠᠶᠢᠭ᠎ᠠ ᠪᠠᠨ ᠢᠯᠡᠷᠬᠡᠶᠢᠯᠡᠭᠡᠳ ᠠᠮᠧᠷᠢᠺᠠ ᠶᠢᠨ ᠨᠢᠭᠡᠳᠦᠭᠰᠡᠨ ᠤᠯᠤᠰ ᠨᠢ ᠮᠣᠩᠭᠣᠯ ᠤᠯᠤᠰ ᠲᠠᠢ ᠠᠷᠠᠳᠴᠢᠯᠠᠯ᠂ ᠵᠠᠬ᠎ᠠ ᠵᠡᠭᠡᠯᠢ ᠶᠢᠨ ᠡᠳ᠋ ᠦᠨ ᠵᠠᠰᠠᠭ᠂ ᠬᠦᠮᠦᠨ ᠦ ᠡᠷᠬᠡ᠂ ᠡᠷᠬᠡ ᠴᠢᠯᠦᠭᠡ᠂ ᠢᠷᠭᠡᠨ ᠦ ᠨᠡᠶᠢᠭᠡᠮ ᠤᠨ ᠲᠥᠯᠦᠪᠰᠢᠯ ᠵᠡᠷᠭᠡ ᠨᠡᠶᠢᠲᠡᠯᠢᠭ ᠦᠨᠡᠲᠦ ᠵᠦᠢᠯᠡᠰ ᠲᠦ ᠰᠠᠭᠤᠷᠢᠯᠠᠭᠰᠠᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠳᠦ ᠠᠴᠢ ᠬᠣᠯᠪᠣᠭᠳᠠᠯ ᠥᠭᠴᠦ ᠪᠤᠢ ᠶᠢ ᠴᠢᠬᠤᠯᠠᠴᠢᠯᠠᠯ᠎ᠠ᠃ ᠡᠨᠡ ᠬᠦᠷᠢᠶᠡᠨ ᠳᠦ ᠬᠣᠶᠠᠷ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠠᠭᠤᠯᠭ᠎ᠠ ᠪᠠᠷ ᠪᠠᠶᠠᠵᠢᠭᠤᠯᠬᠤ᠂ ᠠᠷᠠᠳᠴᠢᠯᠠᠯ᠂ ᠬᠦᠮᠦᠨ ᠦ ᠡᠷᠬᠡ ᠶᠢ ᠬᠠᠮᠠᠭᠠᠯᠠᠬᠤ᠂ ᠰᠠᠶᠢᠨ ᠵᠠᠰᠠᠭᠯᠠᠯ ᠢ ᠪᠡᠬᠢᠵᠢᠭᠦᠯᠬᠦ᠂ ᠴᠢᠨᠠᠭᠰᠢᠳᠠ ᠡᠨᠡ ᠬᠦ ᠣᠶᠢᠷ᠎ᠠ ᠳᠣᠲᠣᠨᠣ ᠬᠠᠮᠲᠤ ᠶᠢᠨ ᠠᠵᠢᠯᠯᠠᠭ᠎ᠠ ᠪᠠᠨ ᠤᠯᠠᠮ ᠭᠦᠨᠵᠡᠭᠡᠶᠢᠷᠡᠭᠦᠯᠵᠦ ᠨᠢᠭᠲᠠ ᠬᠠᠮᠲᠤᠷᠠᠨ ᠠᠵᠢᠯᠯᠠᠬᠤ ᠡᠷᠡᠮᠡᠯᠵᠡᠯ ᠲᠡᠢ ᠪᠠᠶᠢᠭ᠎ᠠ ᠪᠠᠨ ᠴᠣᠬᠣᠨ ᠲᠡᠮᠳᠡᠭᠯᠡᠪᠡ᠃
Нэргүй 2023-08-03 202.131.242.42
bosoo bolgohgui bol unshij chadahgui bn