ᠰᠸᠢᠰ  ᠦᠨ ᠬᠣᠯᠪᠣᠭᠠᠨ ᠤ ᠤᠯᠤᠰ ᠤᠨ ᠡᠯᠴᠢᠨ ᠰᠠᠶᠢᠳ ᠲᠠᠢ ᠠᠭᠤᠯᠵᠠᠪᠠ | News.MN

ᠰᠸᠢᠰ  ᠦᠨ ᠬᠣᠯᠪᠣᠭᠠᠨ ᠤ ᠤᠯᠤᠰ ᠤᠨ ᠡᠯᠴᠢᠨ ᠰᠠᠶᠢᠳ ᠲᠠᠢ ᠠᠭᠤᠯᠵᠠᠪᠠ

ᠭᠠᠳᠠᠭᠠᠳᠤ ᠬᠠᠷᠢᠯᠴᠠᠭᠠᠨ ᠤ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠨ ∙ᠠᠩᠬᠠᠪᠠᠶᠠᠷ ᠰᠸᠢᠰ ᠤᠨ ᠬᠣᠯᠪᠣᠭᠠᠨ ᠤ ᠤᠯᠤᠰ ᠠᠴᠠ ᠮᠣᠩᠭᠣᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠶᠢᠳ ᠶᠦᠷᠢᠭ ᠪᠤᠷᠷᠢ ᠶᠢ ᠬᠦᠯᠢᠶᠡᠨ ᠠᠪᠴᠤ ᠠᠭᠤᠯᠵᠠᠪᠠ᠃ ᠠᠭᠤᠯᠵᠠᠯᠲᠠ ᠶᠢᠨ ᠦᠶ᠎ᠡ ᠪᠡᠷ ᠰᠢᠨ᠎ᠡ ᠪᠡᠷ ᠲᠣᠮᠢᠯᠠᠭᠳᠠᠭᠰᠠᠨ ᠡᠯᠴᠢᠨ ᠰᠠᠶᠢᠳ ᠢᠲᠡᠭᠡᠮᠵᠢᠯᠡᠬᠦ ᠵᠢᠭᠤᠬᠤ ᠪᠢᠴᠢᠭ ᠦᠨ ᠬᠠᠭᠤᠯᠪᠤᠷᠢ ᠪᠠᠨ ᠭᠠᠷᠳᠠᠭᠤᠯᠪᠠ᠃
ᠨ ∙ᠠᠩᠬᠠᠪᠠᠶᠠᠷ ᠡᠯᠴᠢᠨ ᠰᠠᠶᠢᠳ ᠢ ᠡᠭᠦᠷᠭᠡᠳᠦ ᠠᠵᠢᠯ ᠳᠤ ᠪᠠᠨ ᠣᠷᠣᠵᠤ ᠪᠠᠢᠭ᠎ᠠ ᠳᠤ ᠨᠢ ᠪᠠᠶᠠᠷ ᠬᠦᠷᠭᠡᠵᠦ᠂ ᠲᠡᠭᠦᠨ ᠳᠦ ᠪᠦᠬᠦ ᠲᠠᠯ᠎ᠠ ᠶᠢᠨ ᠳᠡᠮᠵᠢᠯᠭᠡ ᠦᠵᠡᠭᠦᠯᠵᠦ ᠠᠵᠢᠯᠯᠠᠬᠤ ᠪᠠᠨ ᠢᠯᠡᠷᠬᠡᠶᠢᠯᠡᠯ᠎ᠡ᠃ ᠠᠭᠤᠯᠵᠠᠯᠲᠠ ᠪᠠᠷ ᠬᠣᠶᠠᠷ ᠣᠷᠣᠨ ᠤ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠪᠣᠯᠤᠨ ᠢᠷᠡᠬᠦ ᠣᠨ ᠳᠤ ᠲᠣᠬᠢᠶᠠᠬᠤ ᠮᠣᠩᠭᠣᠯ᠂  ᠰᠸᠢᠰ  ᠦᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 60 ᠣᠢ ᠶᠢᠨ ᠬᠦᠷᠢᠶᠡᠨ ᠳᠦ ᠵᠣᠬᠢᠶᠠᠨ ᠪᠠᠶᠢᠭᠤᠯᠬᠤ ᠠᠷᠭ᠎ᠠ ᠬᠡᠮᠵᠢᠶ᠎ᠡ ᠨᠦᠭᠦᠳ ᠦᠨ ᠲᠠᠯ᠎ᠠ ᠪᠠᠷ ᠰᠠᠨᠠᠯ ᠰᠤᠯᠢᠯᠴᠠᠪᠠ᠃
ᠶᠦᠷᠢᠭ ᠪᠤᠷᠷᠢ ᠬᠢᠲᠠᠳ ᠲᠤ ᠰᠠᠭᠤᠭ᠎ᠠ ᠡᠯᠴᠢᠨ ᠰᠠᠶᠢᠳ ᠢᠶᠠᠷ ᠠᠵᠢᠯᠯᠠᠵᠤ ᠪᠤᠢ᠃

ᠰᠡᠳᠬᠢᠭᠳᠡᠯ ᠦᠯᠡᠳᠡᠭᠡᠬᠦ