ᠰᠤᠷᠤᠭᠴᠢᠳ ᠲᠤ ᠴᠡᠷᠢᠭ ᠦᠨ ᠬᠡᠷᠡᠭ ᠦᠨ ᠠᠩᠬᠠᠨ ᠱᠠᠲᠤᠨ ᠤ ᠮᠡᠳᠡᠯᠭᠡ ᠡᠵᠡᠮᠰᠢᠭᠦᠯᠪᠡ | News.MN

ᠰᠤᠷᠤᠭᠴᠢᠳ ᠲᠤ ᠴᠡᠷᠢᠭ ᠦᠨ ᠬᠡᠷᠡᠭ ᠦᠨ ᠠᠩᠬᠠᠨ ᠱᠠᠲᠤᠨ ᠤ ᠮᠡᠳᠡᠯᠭᠡ ᠡᠵᠡᠮᠰᠢᠭᠦᠯᠪᠡ

ᠤᠯᠠᠭᠠᠨᠪᠠᠭᠠᠲᠤᠷ᠂ ᠬᠡᠨᠲᠡᠢ᠂ ᠰᠦᠬᠡᠪᠠᠭᠠᠲᠤᠷ᠂ ᠳᠣᠷᠣᠨᠠᠲᠤ ᠠᠶᠢᠮᠠᠭ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶᠢᠨ 95 ᠰᠤᠷᠤᠭᠴᠢ ᠬᠢᠯᠢ ᠶᠢᠨ 0132 ᠳ᠋ᠤᠭᠠᠷ ᠠᠩᠭᠢ ᠳᠦ ᠴᠡᠷᠢᠭ ᠦᠨ ᠬᠡᠷᠡᠭ ᠦᠨ ᠠᠩᠬᠠᠨ ᠱᠠᠲᠤᠨ ᠤ ᠮᠡᠳᠡᠯᠭᠡ ᠳᠦ ᠰᠤᠷᠤᠯᠴᠠᠯ᠎ᠠ᠃ ᠲᠣᠳᠣᠷᠠᠭᠤᠯᠪᠠᠯ᠂ ᠲᠠᠪᠤ ᠬᠣᠨᠣᠭ ᠤᠨ ᠬᠤᠭᠤᠴᠠᠭᠠᠨ ᠳᠤ ᠲᠡᠳᠡᠨ ᠳᠦ ᠬᠢᠯᠢ ᠶᠢᠨ ᠠᠯᠪᠠᠨ ᠤ ᠣᠨᠴᠠᠯᠢᠭ᠂ ᠵᠢᠭᠰᠠᠭᠠᠯ ᠤᠨ ᠪᠡᠯᠡᠳᠬᠡᠯ᠂ ᠵᠡᠪᠰᠡᠭ ᠲᠡᠢ ᠬᠠᠷᠢᠴᠠᠬᠤ ᠠᠷᠭ᠎ᠠ ᠠᠵᠢᠯᠯᠠᠭ᠎ᠠ᠂ ᠪᠡᠶ᠎ᠡ ᠶᠢᠨ ᠲᠠᠮᠢᠷ᠂ ᠰᠡᠳᠬᠢᠯ ᠵᠦᠢ ᠶᠢᠨ ᠪᠡᠯᠡᠳᠬᠡᠯᠵᠢᠯᠲᠡ ᠶᠢᠨ ᠠᠩᠬᠠᠨ ᠱᠠᠲᠤᠨ ᠤ ᠮᠡᠳᠡᠯᠭᠡ ᠶᠢ ᠠᠮᠵᠢᠯᠲᠠ ᠲᠠᠢ ᠵᠢᠭᠠᠵᠤ ᠰᠤᠷᠭᠠᠨ᠂ ᠥᠨᠥᠳᠥᠷ ᠥᠷᠯᠥᠭᠡ ᠠᠶᠠᠨ ᠵᠠᠮ ᠳᠤ ᠨᠢ ᠦᠳᠡᠵᠦ ᠮᠣᠷᠳᠠᠭᠤᠯᠵᠠᠢ᠃
ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨᠳᠠᠯᠠᠭᠴᠢ ᠤ᠊ ∙ ᠬᠦᠷᠡᠯᠰᠦ᠋ᠬᠡ ᠶᠢᠨ ᠰᠠᠨᠠᠭᠠᠴᠢᠯᠭ᠎ᠠ ᠪᠠᠷ ᠡᠨᠡ ᠬᠦ 《 ᠵᠡᠪᠡ》 ᠰᠤᠷᠭᠠᠯᠲᠠ ᠶᠢ ᠵᠣᠬᠢᠶᠠᠨ ᠪᠠᠶᠢᠭᠤᠯᠤᠭᠰᠠᠨ ᠪᠠᠶᠢᠨ᠎ᠠ᠃ ᠳᠠᠶᠢᠨ ᠦᠵᠡᠵᠦ᠂  ᠳᠠᠷᠢ ᠶᠢᠨ ᠤᠲᠤᠭ᠎ᠠ ᠦᠨᠦᠷᠯᠡᠭᠰᠡᠨ᠂ ᠦᠶ᠎ᠡ ᠦᠶ᠎ᠡ ᠶᠢᠨ ᠡᠬᠡ ᠣᠷᠣᠨᠴᠢᠳ ᠤᠨ ᠥᠯᠥᠭᠡᠢ ᠨᠤᠲᠤᠭ ᠤᠴᠢᠷ ᠳᠣᠷᠣᠨᠠᠲᠤ ᠠᠶᠢᠮᠠᠭ ᠢ ᠰᠣᠩᠭᠣᠵᠤ᠂ ᠢᠷᠡᠭᠡᠳᠦᠢ ᠬᠣᠶᠢᠴᠢ ᠦᠶ᠎ᠡ ᠳᠦ ᠪᠡᠨ ᠴᠡᠷᠢᠭ᠂ ᠡᠬᠡ ᠣᠷᠣᠨᠴᠢ ᠬᠦᠮᠦᠵᠢᠯ ᠣᠯᠭᠤᠬᠤ ᠶᠢ ᠡᠢᠨ ᠵᠣᠷᠢᠵᠠᠢ᠃

ᠰᠡᠳᠬᠢᠭᠳᠡᠯ ᠦᠯᠡᠳᠡᠭᠡᠬᠦ