ᠯ ∙ ᠤᠶᠤᠡᠡᠷᠳᠡᠨᠢ ᠠᠮᠧᠷᠢᠺᠠ ᠶᠢᠨ ᠬᠤᠳᠠᠯᠳᠤᠭᠠᠨ ᠤ ᠰᠠᠶᠢᠳ ᠲᠠᠢ ᠠᠭᠤᠯᠵᠠᠯ᠎ᠠ | News.MN

ᠯ ∙ ᠤᠶᠤᠡᠡᠷᠳᠡᠨᠢ ᠠᠮᠧᠷᠢᠺᠠ ᠶᠢᠨ ᠬᠤᠳᠠᠯᠳᠤᠭᠠᠨ ᠤ ᠰᠠᠶᠢᠳ ᠲᠠᠢ ᠠᠭᠤᠯᠵᠠᠯ᠎ᠠ

ᠮᠣᠩᠭᠣᠯ ᠤᠯᠤᠰ ᠤᠨ ᠶᠡᠷᠦᠩᠬᠡᠢ ᠰᠠᠶᠢᠳ ᠯ ∙ ᠤᠶᠤᠡᠡᠷᠳᠡᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠬᠤᠳᠠᠯᠳᠤᠭᠠᠨ ᠤ ᠰᠠᠶᠢᠳ ᠵᠢᠨ᠎ᠠ ᠷᠠᠢᠮᠤᠨᠳᠤ᠋ ᠶᠢ ᠨᠠᠢ᠌ᠮᠠᠳᠤᠭᠠᠷ ᠰᠠᠷ᠎ᠠ ᠶᠢᠨ ᠳᠦᠷᠪᠡᠨ ᠳᠦ ᠬᠦᠯᠢᠶᠡᠨ ᠠᠪᠴᠤ ᠠᠭᠤᠯᠵᠠᠯ᠎ᠠ᠃
ᠯ ∙ᠤᠶᠤᠡᠡᠷᠳᠡᠨᠢ ᠠᠭᠤᠯᠵᠠᠯᠲᠠ ᠶᠢᠨ ᠡᠬᠢᠨ ᠳᠦ ᠮᠣᠩᠭᠣᠯ ᠤᠯᠤᠰ ᠤᠨ ᠭᠤᠷᠪᠠᠳᠠᠭᠴᠢ ᠬᠥᠷᠰᠢ᠂ ᠰᠲᠷᠠᠲ᠋ᠧᠭᠢ ᠶᠢᠨ ᠲᠦᠩᠰᠢ ᠠᠮᠧᠷᠢᠺᠠ ᠲᠠᠢ ᠬᠤᠳᠠᠯᠳᠤᠭ᠎ᠠ᠂ ᠡᠳ᠋  ᠦᠨ ᠵᠠᠰᠠᠭ ᠤᠨ ᠬᠠᠮᠲᠤ ᠶᠢᠨ ᠠᠵᠢᠯᠯᠠᠭ᠎ᠠ ᠶᠢ ᠤᠯᠠᠮ ᠥᠷᠭᠡᠵᠢᠭᠦᠯᠦᠨ ᠭᠦᠨᠵᠡᠭᠡᠶᠢᠷᠡᠭᠦᠯᠬᠦ ᠶᠢᠨ ᠴᠢᠬᠤᠯᠠ ᠶᠢ ᠲᠡᠮᠳᠡᠭᠯᠡᠭᠡᠳ᠂ ᠮᠣᠩᠭᠣᠯ ᠤᠯᠤᠰ ᠤᠨ ᠡᠳ᠋  ᠦᠨ ᠵᠠᠰᠠᠭ ᠢ ᠲᠥᠷᠦᠯᠵᠢᠭᠦᠯᠬᠦ᠂ ᠬᠥᠷᠥᠩᠭᠡ ᠣᠷᠣᠭᠤᠯᠤᠯᠲᠠ ᠶᠢ ᠨᠡᠮᠡᠭᠳᠡᠭᠦᠯᠬᠦ ᠬᠦᠷᠢᠶᠡᠨ ᠳᠦ ᠠᠭᠤᠯᠠ ᠠᠭᠤᠷᠬᠠᠢ᠂ ᠴᠡᠪᠡᠷ ᠡᠷᠴᠢᠮ ᠬᠦᠴᠦ᠂ ᠬᠥᠳᠡᠭᠡ ᠠᠵᠤ ᠠᠬᠤᠢ ᠶᠢᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠶᠢᠨ ᠲᠠᠯ᠎ᠠ ᠪᠠᠷ ᠶᠠᠷᠢᠯᠴᠠᠪᠠ᠃

ᠬᠤᠳᠠᠯᠳᠤᠭᠠᠨ ᠤ ᠰᠠᠶᠢᠳ ᠵ ∙ ᠷᠠᠢᠮᠤᠨᠳᠤ᠋ ᠮᠣᠩᠭᠣᠯ ᠤᠯᠤᠰ ᠤᠨ ᠠᠷᠠᠳᠴᠢᠯᠠᠯ᠂ ᠢᠯᠡ ᠲᠣᠳᠣ ᠪᠠᠶᠢᠳᠠᠯ ᠢ ᠪᠡᠬᠢᠵᠢᠭᠦᠯᠬᠦ᠂ ᠠᠪᠯᠢᠭ᠎ᠠ ᠲᠠᠢ ᠲᠡᠮᠡᠴᠡᠬᠦ ᠪᠣᠯᠤᠨ ᠬᠤᠪᠢ ᠶᠢᠨ ᠬᠡᠪᠰᠢᠯ ᠳᠦ ᠰᠠᠭᠤᠷᠢᠯᠠᠭᠰᠠᠨ ᠡᠳ᠋  ᠦᠨ ᠵᠠᠰᠠᠭ ᠤᠨ ᠥᠰᠦᠯᠲᠡ ᠶᠢ ᠳᠡᠮᠵᠢᠬᠦ ᠴᠢᠭᠯᠡᠯ ᠳᠦ ᠭᠠᠷᠴᠤ ᠪᠤᠢ ᠦᠷ᠎ᠡ  ᠳ᠋ᠦᠩ ᠢ ᠰᠠᠶᠢᠰᠢᠶᠠᠬᠤ ᠶᠢᠨ ᠵᠡᠷᠭᠡᠴᠡᠭᠡ ᠡᠷᠬᠡ ᠵᠦᠢ ᠶᠢᠨ ᠣᠷᠴᠢᠨ ᠢ ᠰᠠᠶᠢᠵᠢᠷᠠᠭᠤᠯᠬᠤ᠂ ᠣᠯᠠᠨ ᠤᠯᠤᠰ ᠤᠨ ᠰᠠᠶᠢᠨ ᠲᠤᠷᠰᠢᠯᠭ᠎ᠠ ᠶᠢ ᠨᠡᠪᠲᠡᠷᠡᠭᠦᠯᠬᠦ ᠳᠦ ᠳᠡᠮᠵᠢᠯᠭᠡ ᠦᠵᠡᠭᠦᠯᠦᠨ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠪᠡ᠃

ᠰᠡᠳᠬᠢᠭᠳᠡᠯ ᠦᠯᠡᠳᠡᠭᠡᠬᠦ