ᠮᠣᠩᠭᠣᠯ ᠤᠯᠤᠰ ᠤᠨ ᠲᠥᠯᠥᠪᠦᠷᠢ ᠶᠢᠨ ᠲᠡᠩᠴᠡᠯ 2022 ᠡᠬᠢᠨ ᠦ ᠬᠠᠭᠠᠰ ᠵᠢᠯ ᠳᠦ 1.1 ᠲᠡᠷᠪᠤᠮ ᠲᠥᠭᠥᠷᠢᠭ ᠦᠨ ᠠᠯᠳᠠᠭᠳᠠᠯ ᠲᠠᠢ ᠪᠠᠶᠢᠭᠰᠠᠨ ᠪᠣᠯ ᠡᠨᠡ ᠣᠨ ᠤ ᠡᠬᠢᠨ ᠦ ᠬᠠᠭᠠᠰ ᠵᠢᠯ ᠦᠨ ᠤᠷᠢᠳᠴᠢᠯᠠᠭᠰᠠᠨ ᠭᠦᠢᠴᠡᠳᠬᠡᠯ ᠢᠶᠡᠷ 474.9 ᠰᠠᠶ᠎ᠠ ᠳ᠋ᠣᠯᠯᠠᠷ ᠤᠨ ᠠᠰᠢᠭ ᠲᠠᠢ ᠭᠠᠷᠤᠯ᠎ᠠ᠃ ᠡᠨᠡ ᠨᠢ ᠡᠮᠦᠨᠡᠬᠢ ᠣᠨ ᠤ ᠮᠥᠨ ᠦᠶ᠎ᠡ ᠲᠡᠢ ᠬᠠᠷᠢᠴᠠᠭᠤᠯᠬᠤ ᠳᠤ 1.5 ᠲᠡᠷᠪᠤᠮ ᠣᠷᠴᠢᠮ ᠳ᠋ᠣᠯᠯᠠᠷ ᠢᠶᠠᠷ ᠥᠰᠦᠭᠰᠡᠨ ᠦᠵᠡᠭᠦᠯᠦᠯᠲᠡ ᠶᠤᠮ᠃
ᠲᠡᠭᠦᠨᠴᠢᠯᠡᠨ 2023 ᠣᠨ ᠤ ᠡᠬᠢᠨ ᠦ 6 ᠰᠠᠷ᠎ᠠ ᠶᠢᠨ ᠭᠦᠢᠴᠡᠳᠬᠡᠯ ᠢᠶᠡᠷ ᠭᠠᠳᠠᠭᠠᠳᠤ ᠬᠤᠳᠠᠯᠳᠤᠭᠠᠨ ᠤ ᠨᠡᠶᠢᠲᠡ ᠪᠠᠷᠠᠭ᠎ᠠ ᠡᠷᠭᠢᠯᠲᠡ ᠶᠢᠨ ᠬᠡᠮᠵᠢᠶ᠎ᠡ ᠡᠮᠦᠨᠡᠬᠢ ᠣᠨ ᠤ ᠮᠥᠨ ᠦᠶ᠎ᠡ ᠡᠴᠡ 2.5 ᠲᠡᠷᠪᠤᠮ ᠳ᠋ᠣᠯᠯᠠᠷ ᠢᠶᠠᠷ ᠥᠰᠴᠦ᠂ 11.8 ᠲᠡᠷᠪᠤᠮ ᠳ᠋ᠣᠯᠯᠠᠷ ᠲᠤ ᠬᠦᠷᠦᠭᠰᠡᠨ ᠭᠡᠳᠡᠭ ᠢ ᠦᠨᠳᠦᠰᠦᠨ ᠦ ᠰᠲ᠋ᠠᠲ᠋ᠢᠰᠲ᠋ᠢᠺ ᠤᠨ ᠬᠣᠷᠢᠶᠠᠨ ᠠᠴᠠ ᠮᠡᠳᠡᠭᠡᠯᠡᠯ᠎ᠡ᠃ ᠡᠭᠦᠨ ᠳᠦ᠂ ᠡᠺᠰᠫᠣᠷᠲ 2.2 ᠲᠡᠷᠪᠤᠮ ᠳ᠋ᠣᠯᠯᠠᠷ᠂ ᠢᠮᠫᠣᠷᠲ 325 ᠰᠠᠶ᠎ᠠ ᠳ᠋ᠣᠯᠯᠠᠷ ᠢᠶᠠᠷ ᠥᠰᠴᠠᠢ᠃ ᠭᠠᠳᠠᠭᠠᠳᠤ ᠬᠤᠳᠠᠯᠳᠤᠭᠠᠨ ᠤ ᠲᠡᠩᠴᠡᠯ ᠦᠨ ᠠᠰᠢᠭ ᠲᠠᠢ ᠭᠠᠷᠤᠭᠰᠠᠨ ᠨᠢ ᠴᠢᠨᠠᠭᠰᠢᠳᠠ ᠲᠥᠯᠥᠪᠦᠷᠢ ᠶᠢᠨ ᠲᠡᠩᠴᠡᠯ ᠳᠦ ᠡᠶᠡᠷᠭᠦ ᠪᠡᠷ ᠨᠥᠯᠥᠭᠡᠯᠡᠬᠦ ᠪᠡᠷ ᠪᠠᠶᠢᠭ᠎ᠠ ᠶᠢ ᠡᠳ᠋ ᠦᠨ ᠵᠠᠰᠠᠭᠴᠢᠳ ᠣᠨᠴᠠᠯᠠᠵᠤ ᠪᠠᠶᠢᠨ᠎ᠠ᠃