ᠮᠣᠩᠭᠣᠯᠴᠢ ᠡᠷᠳᠡᠮᠲᠡᠳ ᠮᠣᠩᠭᠣᠯ ᠤᠯᠤᠰ ᠢ ᠳᠡᠯᠡᠬᠡᠢ ᠳᠦ ᠰᠤᠷᠲᠠᠯᠴᠢᠯᠠᠨ ᠲᠠᠨᠢᠭᠤᠯᠬᠤ ᠡᠷᠳᠡᠮ ᠰᠤᠳᠤᠯᠤᠯ ᠤᠨ ᠡᠯᠴᠢ ᠪᠣᠯᠵᠤ ᠪᠠᠶᠢᠨ᠎ᠠ | News.MN

ᠮᠣᠩᠭᠣᠯᠴᠢ ᠡᠷᠳᠡᠮᠲᠡᠳ ᠮᠣᠩᠭᠣᠯ ᠤᠯᠤᠰ ᠢ ᠳᠡᠯᠡᠬᠡᠢ ᠳᠦ ᠰᠤᠷᠲᠠᠯᠴᠢᠯᠠᠨ ᠲᠠᠨᠢᠭᠤᠯᠬᠤ ᠡᠷᠳᠡᠮ ᠰᠤᠳᠤᠯᠤᠯ ᠤᠨ ᠡᠯᠴᠢ ᠪᠣᠯᠵᠤ ᠪᠠᠶᠢᠨ᠎ᠠ

ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠵᠣᠬᠢᠶᠠᠨ ᠪᠠᠶᠢᠭᠤᠯᠵᠤ ᠪᠤᠢ ᠣᠯᠠᠨ ᠤᠯᠤᠰ ᠤᠨ ᠮᠣᠩᠭᠣᠯᠴᠢ ᠡᠷᠳᠡᠮᠲᠡᠨ ᠦ  ᠠᠷᠪᠠᠨ ᠬᠤᠶᠠᠳᠤᠭᠠᠷ ᠶᠡᠬᠡ ᠬᠤᠷᠠᠯ 《ᠮᠣᠩᠭᠣᠯ ᠤᠨ ᠡᠩᠬᠡ ᠲᠠᠶᠢᠪᠤᠩ ᠪᠠ ᠲᠡᠦᠬᠡᠨ ᠲᠤᠷᠰᠢᠯᠭ᠎ᠠ》 ᠰᠡᠳᠦᠪ ᠦᠨ ᠬᠦᠷᠢᠶᠡᠨ ᠳᠦ ᠲᠥᠷᠥ ᠶᠢᠨ ᠣᠷᠳᠣᠨ ᠳᠤ ᠡᠬᠢᠯᠡᠯ᠎ᠡ᠃ ᠶᠡᠬᠡ ᠬᠤᠷᠠᠯ ᠳᠤ ᠣᠷᠣᠯᠴᠠᠬᠤ ᠪᠠᠷ ᠳᠡᠯᠡᠬᠡᠢ ᠶᠢᠨ 27 ᠣᠷᠣᠨ ᠤ 500 ᠭᠠᠷᠤᠢ ᠡᠷᠳᠡᠮᠲᠡᠨ ᠰᠤᠳᠤᠯᠤᠭᠠᠴᠢᠳ ᠬᠦᠷᠦᠯᠴᠡᠨ ᠢᠷᠡᠭᠰᠡᠨ ᠪᠠᠶᠢᠨ᠎ᠠ᠃ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠨᠡᠭᠡᠭᠡᠯᠲᠡ ᠳᠦ ᠣᠷᠣᠯᠴᠠᠵᠤ ᠦᠭᠡ ᠬᠡᠯᠡᠪᠡ᠄
ᠡᠷᠬᠢᠮ ᠬᠦᠨᠳᠦᠲᠦ ᠡᠷᠳᠡᠮᠲᠡᠨ ᠮᠡᠷᠭᠡᠳ᠂ ᠮᠣᠩᠭᠣᠯ ᠰᠤᠳᠤᠯᠤᠭᠠᠴᠢᠳ ᠡ᠂ ᠡᠷᠬᠢᠮ ᠬᠦᠨᠳᠦᠲᠦ ᠵᠣᠴᠢᠳ ᠲᠥᠯᠥᠭᠡᠯᠡᠭᠴᠢᠳ ᠡ᠂ ᠬᠠᠲᠤᠭᠲᠠᠢ᠂ ᠨᠣᠶᠠᠳ ᠠ᠋᠂ ᠶᠡᠬᠡ ᠮᠣᠩᠭᠣᠯ ᠤᠯᠤᠰ ᠤᠨ ᠠᠷᠢᠭᠤᠨ ᠭᠠᠯ ᠭᠣᠯᠣᠮᠲᠠ ᠮᠠᠨ ᠤ ᠰᠠᠶᠢᠬᠠᠨ ᠣᠷᠣᠨ ᠳᠤ ᠲᠢᠪ ᠳᠡᠯᠡᠬᠡᠢ ᠶᠢᠨ ᠥᠨᠴᠥᠭ ᠪᠤᠯᠤᠩ ᠪᠦᠷᠢ ᠡᠴᠡ ᠬᠦᠷᠦᠯᠴᠡᠨ ᠢᠷᠡᠵᠦ᠂ ᠬᠤᠷᠠᠨ ᠴᠢᠭᠤᠯᠵᠤ ᠪᠤᠢ ᠲᠠ ᠪᠦᠬᠦᠨ ᠳᠦ ᠡᠨᠡ ᠡᠳᠦᠷ ᠦᠨ ᠬᠠᠯᠠᠭᠤᠨ ᠮᠡᠨᠳᠦ ᠶᠢ ᠡᠷᠭᠦᠨ ᠳᠡᠪᠰᠢᠭᠦᠯᠦᠶ᠎ᠡ᠃
ᠤᠯᠠᠭᠠᠨᠪᠠᠭᠠᠲᠤᠷ  ᠬᠤᠲᠠᠨ᠎ᠠ 1959 ᠣᠨ ᠳᠤ ᠵᠣᠬᠢᠶᠠᠨ ᠪᠠᠶᠢᠭᠤᠯᠤᠭᠳᠠᠭᠰᠠᠨ 《ᠣᠯᠠᠨ ᠤᠯᠤᠰ ᠤᠨ ᠮᠣᠩᠭᠣᠯ ᠬᠡᠯᠡ᠂ ᠪᠢᠴᠢᠭ ᠦᠨ ᠡᠷᠳᠡᠮᠲᠡᠳ ᠦᠨ ᠠᠩᠬᠠᠳᠤᠭᠠᠷ ᠶᠡᠬᠡ ᠬᠤᠷᠠᠯ》  ᠠᠴᠠ ᠡᠭᠦᠳᠦᠯᠲᠡᠢ ᠣᠯᠠᠨ ᠤᠯᠤᠰ ᠤᠨ ᠮᠣᠩᠭᠣᠯᠴᠢ ᠡᠷᠳᠡᠮᠲᠡᠨ ᠦ ᠶᠡᠬᠡ ᠬᠤᠷᠠᠯ ᠨᠢ ᠨᠢᠭᠡᠨ ᠵᠢᠷᠠᠨ ᠤ ᠲᠡᠦᠬᠡ ᠲᠡᠢ ᠪᠥᠭᠡᠳ ᠬᠦᠢᠲᠡᠨ ᠳᠠᠶᠢᠨ᠂ ᠳᠠᠶᠠᠭᠠᠷᠴᠢᠯᠠᠯ᠂ ᠨᠡᠶᠢᠭᠡᠮ ᠤᠨ ᠰᠢᠯᠵᠢᠯᠲᠡ᠂ ᠴᠠᠷ᠎ᠠ ᠲᠠᠬᠤᠯ ᠭᠡᠳ ᠨᠡᠶᠢᠭᠡᠮ᠂ ᠤᠯᠤᠰ ᠲᠥᠷᠥ ᠶᠢᠨ ᠶᠠᠩᠵᠤ ᠪᠦᠷᠢ ᠶᠢᠨ ᠴᠠᠭ ᠦᠶ᠎ᠡ ᠶᠢ ᠲᠤᠭᠤᠯᠤᠨ ᠠᠮᠵᠢᠯᠲᠠᠲᠠᠢ ᠵᠣᠬᠢᠶᠠᠨ ᠪᠠᠶᠢᠭᠤᠯᠤᠭᠳᠠᠭᠰᠠᠭᠠᠷ ᠥᠨᠥᠳᠥᠷ ᠠᠷᠪᠠᠨ ᠬᠤᠶᠠᠳᠤᠭᠠᠷ ᠶᠡᠬᠡ ᠬᠤᠷᠠᠯ ᠢᠶᠠᠨ ᠬᠢᠵᠦ ᠪᠠᠶᠢᠨ᠎ᠠ᠃
ᠡᠨᠡ ᠤᠳᠠᠭ᠎ᠠ ᠶᠢᠨ ᠣᠯᠠᠨ ᠤᠯᠤᠰ ᠤᠨ ᠮᠣᠩᠭᠣᠯᠴᠢ ᠡᠷᠳᠡᠮᠲᠡᠨ ᠦ ᠠᠷᠪᠠᠨ ᠬᠤᠶᠠᠳᠤᠭᠠᠷ ᠶᠡᠬᠡ ᠬᠤᠷᠠᠯ ᠳᠤ ᠳᠡᠯᠡᠬᠡᠢ ᠶᠢᠨ 27 ᠣᠷᠣᠨ ᠤ 500 ᠭᠠᠷᠤᠢ ᠡᠷᠳᠡᠮᠲᠡᠨ ᠰᠤᠳᠤᠯᠤᠭᠠᠴᠢᠳ ᠣᠷᠣᠯᠴᠠᠵᠤ᠂ ᠮᠣᠩᠭᠣᠯ ᠤᠨ ᠲᠡᠦᠬᠡ᠂ ᠠᠨᠲᠷᠣᠫᠣᠯᠣᠭᠢ᠂ ᠠᠷᠬᠧᠣᠯᠣᠭᠢ᠂ ᠬᠡᠯᠡ ᠪᠢᠴᠢᠭ᠂ ᠤᠷᠠᠯᠢᠭ ᠤᠳᠬ᠎ᠠ ᠵᠣᠬᠢᠶᠠᠯ᠂ ᠨᠡᠶᠢᠭᠡᠮ ᠡᠳ᠋ ᠦᠨ ᠵᠠᠰᠠᠭ᠂ ᠬᠠᠤᠯᠢ ᠡᠷᠬᠡ ᠵᠦᠢ᠂ ᠭᠠᠳᠠᠭᠠᠳᠤ ᠬᠠᠷᠢᠯᠴᠠᠭ᠎ᠠ᠂ ᠰᠤᠶᠤᠯ ᠤᠯᠠᠮᠵᠢᠯᠠᠯ ᠤᠨ ᠴᠢᠭᠯᠡᠯ ᠢᠶᠡᠷ ᠰᠤᠳᠤᠯᠭᠠᠨ ᠰᠢᠨᠵᠢᠯᠡᠭᠡᠨ ᠦ ᠪᠡᠨ ᠦᠷ᠎ᠡ ᠳ᠋ᠦᠩ ᠢ ᠲᠠᠨᠢᠯᠴᠠᠭᠤᠯᠤᠨ ᠬᠡᠯᠡᠯᠴᠡᠭᠦᠯᠬᠦ ᠪᠡᠷ ᠬᠤᠷᠠᠨ ᠴᠢᠭᠤᠯᠤᠭᠠᠳ ᠪᠠᠶᠢᠨ᠎ᠠ᠃
ᠮᠣᠩᠭᠣᠯᠴᠤᠳ ᠪᠢᠳᠡᠨ ᠦ ᠲᠥᠷᠥᠳᠦ ᠶᠣᠰᠣ᠂ ᠲᠡᠦᠬᠡ ᠰᠤᠶᠤᠯ᠂ ᠥᠪ ᠤᠯᠠᠮᠵᠢᠯᠠᠯ ᠢ ᠰᠤᠳᠤᠯᠤᠨ ᠰᠢᠨᠵᠢᠯᠡᠵᠦ᠂ ᠬᠦᠮᠦᠨ ᠲᠥᠷᠥᠯᠬᠢᠲᠡᠨ ᠦ ᠬᠥᠭᠵᠢᠯ ᠦᠨ ᠲᠡᠦᠬᠡᠨ ᠳᠦ ᠣᠷᠣᠭᠤᠯᠤᠭᠰᠠᠨ ᠬᠤᠪᠢ ᠨᠡᠮᠡᠷᠢ ᠶᠢ ᠦᠨᠡᠯᠡᠨ ᠳ᠋ᠦᠩᠨᠡᠵᠦ᠂ ᠳᠡᠯᠡᠬᠡᠢ ᠶᠢᠷᠲᠢᠨᠴᠦ ᠳᠦ ᠰᠤᠷᠲᠠᠯᠴᠢᠯᠠᠨ ᠲᠠᠨᠢᠭᠤᠯᠤᠭᠰᠠᠨ ᠦᠶ᠎ᠡ ᠦᠶ᠎ᠡ ᠶᠢᠨ ᠡᠷᠳᠡᠮᠲᠡᠨ ᠮᠡᠷᠭᠡᠳ ᠦᠨ ᠰᠤᠳᠤᠯᠭᠠᠨ ᠰᠢᠨᠵᠢᠯᠡᠭᠡᠨ᠂ ᠪᠦᠲᠦᠭᠡᠯ ᠲᠤᠭᠤᠷᠪᠢᠯ᠂ ᠬᠢᠴᠢᠶᠡᠯ ᠵᠢᠳᠬᠦᠯ ᠦᠨ ᠦᠷ᠎ᠡ ᠳ᠋ᠦᠩ ᠳᠦ 《ᠮᠣᠩᠭᠣᠯ ᠰᠤᠳᠤᠯᠤᠯ》ᠬᠡᠳᠦᠨ ᠵᠠᠭᠤᠨ ᠤ ᠡᠮᠦᠨ᠎ᠡ ᠡᠴᠡ ᠡᠭᠦᠰᠦᠨ ᠪᠤᠢ ᠪᠣᠯᠵᠤ ᠡᠳᠦᠭᠡ ᠶᠢ ᠬᠦᠷᠲᠡᠯ᠎ᠡ ᠥᠷᠭᠡᠵᠢᠨ ᠬᠥᠭᠵᠢᠭᠰᠡᠭᠡᠷ ᠢᠷᠡᠭᠰᠡᠨ ᠪᠢᠯᠡ᠃
ᠮᠣᠩᠭᠣᠯ ᠰᠤᠳᠤᠯᠤᠯ ᠳᠡᠯᠡᠬᠡᠢ ᠳ᠋ᠠᠬᠢᠨ᠎ᠠ ᠡᠷᠴᠢᠮᠲᠡᠢ ᠬᠥᠭᠵᠢᠬᠦ ᠶᠢᠨ ᠬᠢᠷᠢ ᠪᠡᠷ ᠮᠣᠩᠭᠣᠯᠴᠤᠳ ᠪᠢᠳᠡᠨ ᠦ ᠦᠦᠬᠡ ᠲᠡᠦᠬᠡ᠂ ᠥᠪ ᠰᠤᠶᠤᠯ ᠤᠨ ᠲᠤᠬᠠᠢ ᠦᠨᠡᠨ ᠪᠣᠳᠠᠲᠤ ᠮᠡᠳᠡᠯᠭᠡ ᠮᠡᠳᠡᠭᠡᠯᠡᠯ ᠬᠦᠮᠦᠨ ᠲᠥᠷᠥᠯᠬᠢᠲᠡᠨ ᠦ ᠬᠦᠷᠲᠡᠭᠡᠯ ᠪᠣᠯᠵᠤ᠂ ᠮᠣᠩᠭᠣᠯ ᠤᠯᠤᠰ ᠤᠨ ᠨᠡᠷ᠎ᠡ ᠬᠦᠨᠳᠦ᠂ ᠮᠣᠩᠭᠣᠯ ᠦᠨᠳᠦᠰᠦᠲᠡᠨ ᠦ ᠨᠢᠭᠡᠳᠦᠮᠡᠯ ᠦᠨᠡᠲᠦ ᠵᠦᠢᠯ ᠤᠯᠠᠮ ᠪᠦᠷ ᠥᠰᠦᠨ ᠪᠡᠬᠢᠵᠢᠵᠦ ᠪᠠᠶᠢᠨ᠎ᠠ᠃
ᠮᠣᠩᠭᠣᠯ ᠰᠤᠳᠤᠯᠤᠯ ᠢ ᠨᠡᠷ᠎ᠡ ᠲᠦᠷᠦ ᠲᠠᠢ ᠪᠡᠷ ᠵᠠᠯᠭᠠᠮᠵᠢᠯᠠᠨ ᠬᠥᠭᠵᠢᠭᠦᠯᠵᠦ᠂ ᠮᠡᠳᠡᠯᠭᠡ ᠴᠢᠳᠠᠪᠤᠷᠢ᠂ ᠰᠡᠳᠬᠢᠯ ᠵᠢᠷᠦᠬᠡ᠂ ᠨᠢᠭᠡᠨ ᠨᠠᠰᠤᠨ ᠤ ᠠᠮᠢᠳᠤᠷᠠᠯ ᠢᠶᠠᠨ ᠵᠣᠷᠢᠭᠤᠯᠵᠤ ᠢᠷᠡᠭᠰᠡᠨ ᠡᠷᠬᠢᠮ ᠬᠦᠨᠳᠦᠲᠦ ᠡᠷᠳᠡᠮᠲᠡᠨ ᠰᠤᠳᠤᠯᠤᠭᠠᠴᠢᠳ ᠲᠠ ᠪᠦᠬᠦᠨ ᠳᠦ ᠮᠣᠩᠭᠣᠯ ᠤᠨ ᠨᠡᠶᠢᠲᠡ ᠠᠷᠠᠳ ᠲᠦᠮᠡᠨ ᠦ ᠪᠡᠨ ᠨᠡᠷ᠎ᠡ ᠶᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠶᠢᠯᠡᠶ᠎ᠡ᠃
ᠡᠨᠡ ᠤᠳᠠᠭ᠎ᠠ ᠶᠢᠨ ᠣᠯᠠᠨ ᠤᠯᠤᠰ ᠤᠨ ᠮᠣᠩᠭᠣᠯᠴᠢ ᠡᠷᠳᠡᠮᠲᠡᠨ ᠦ ᠠᠷᠪᠠᠨ ᠬᠤᠶᠠᠳᠤᠭᠠᠷ ᠶᠡᠬᠡ ᠬᠤᠷᠠᠯ 《ᠮᠣᠩᠭᠣᠯ ᠤᠨ ᠡᠩᠬᠡ ᠲᠠᠶᠢᠪᠤᠩ ᠪᠠ ᠲᠡᠦᠬᠡᠨ ᠲᠤᠷᠰᠢᠯᠭ᠎ᠠ》ᠰᠡᠳᠦᠪ ᠦᠨ ᠬᠦᠷᠢᠶᠡᠨ ᠳᠦ ᠵᠣᠬᠢᠶᠠᠨ ᠪᠠᠶᠢᠭᠤᠯᠤᠭᠳᠠᠵᠤ ᠪᠠᠶᠢᠭ᠎ᠠ ᠨᠢ ᠴᠢᠬᠤᠯᠠ ᠠᠴᠢ ᠬᠣᠯᠪᠣᠭᠳᠠᠯ ᠲᠠᠢ ᠶᠤᠮ᠃
ᠡᠳᠦᠭᠡ ᠡᠴᠡ 860 ᠵᠢᠯ ᠦᠨ ᠲᠡᠷᠲᠡᠭᠡ ᠳᠡᠯᠡᠬᠡᠢ ᠶᠢᠨ ᠲᠡᠦᠬᠡ ᠶᠢᠨ ᠮᠢᠩᠭᠠᠨ ᠤ ᠰᠤᠤᠲᠤ ᠬᠥᠮᠥᠨ ᠲᠡᠮᠦᠵᠢᠨ ᠮᠡᠨᠳᠦᠯᠡᠵᠦ᠂ ᠲᠥᠷᠥᠳᠦ ᠶᠣᠰᠣ᠂ ᠲᠡᠦᠬᠡ ᠰᠤᠶᠤᠯ᠂ ᠬᠠᠤᠯᠢ ᠴᠠᠭᠠᠵᠠ ᠶᠢᠨ ᠳᠣᠣᠷ᠎ᠠ ᠮᠣᠩᠭᠣᠯ ᠲᠤᠭᠤᠷᠭᠠᠲᠠᠨ ᠢ ᠨᠢᠭᠡᠳᠬᠡᠨ᠂ ᠥᠨᠢ ᠡᠷᠲᠡᠨ ᠡᠴᠡ ᠤᠯᠠᠮᠵᠢᠯᠠᠯ ᠲᠠᠢ ᠲᠥᠷᠥᠳᠦ ᠤᠯᠤᠰ ᠢᠶᠠᠨ ᠰᠡᠷᠭᠦᠭᠡᠨ ᠮᠠᠨᠳᠤᠭᠤᠯᠵᠤ᠂ ᠮᠥᠩᠬᠡ ᠲᠩᠷᠢ ᠶᠢᠨ ᠬᠦᠴᠦᠨ ᠳ᠋ᠤᠷ ᠶᠡᠬᠡ ᠮᠣᠩᠭᠣᠯ ᠤᠯᠤᠰ ᠢ ᠪᠠᠶᠢᠭᠤᠯᠤᠨ᠂ ᠮᠣᠩᠭᠣᠯ ᠤᠨ ᠡᠵᠡᠨᠲᠦ ᠭᠦᠷᠦᠨ ᠦ ᠰᠦᠷ ᠬᠦᠴᠦ ᠶᠢ ᠲᠤᠩᠬᠠᠭᠯᠠᠨ᠂ ᠮᠣᠩᠭᠣᠯ ᠦᠨᠳᠦᠰᠦᠲᠡᠨ ᠦ ᠰᠤᠤ ᠠᠯᠳᠠᠷ ᠢ ᠪᠠᠳᠠᠷᠠᠭᠠᠭᠰᠠᠨ ᠡᠵᠡᠨ ᠪᠣᠭᠳᠠ ᠴᠢᠩᠭᠢᠰ ᠬᠠᠭᠠᠨ ᠪᠣᠯᠤᠨ ᠡᠷᠭᠦᠮᠵᠢᠯᠡᠭᠳᠡᠵᠦ᠂ ᠳᠡᠯᠡᠬᠡᠢ ᠳ᠋ᠠᠬᠢᠨ ᠳᠤ ᠮᠣᠩᠭᠣᠯ ᠤᠨ ᠶᠡᠬᠡ ᠠᠮᠤᠷ ᠠᠮᠤᠭᠤᠯᠠᠩ ᠢ ᠲᠣᠭᠲᠠᠭᠠᠭᠰᠠᠨ ᠲᠡᠦᠬᠡ ᠲᠡᠢ ᠪᠢᠯᠡ᠃
ᠥᠩᠭᠡᠷᠡᠭᠰᠡᠨ ᠵᠢᠯ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠦ 860 ᠵᠢᠯ ᠦᠨ ᠣᠢ ᠲᠣᠬᠢᠶᠠᠭᠰᠠᠨ ᠪᠥᠭᠡᠳ ᠡᠨᠡ ᠬᠦᠷᠢᠶᠡᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠢᠪᠡᠭᠡᠯ ᠳᠣᠣᠷ᠎ᠠ ᠴᠢᠩᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠡᠷᠳᠡᠮ ᠰᠢᠨᠵᠢᠯᠡᠭᠡᠨ ᠦ ᠬᠤᠷᠠᠯ ᠢ ᠠᠮᠵᠢᠯᠲᠠ ᠲᠠᠢ ᠵᠣᠬᠢᠶᠠᠨ ᠪᠠᠶᠢᠭᠤᠯᠵᠤ᠂ ᠳᠡᠯᠡᠬᠡᠢ ᠶᠢᠨ ᠣᠯᠠᠨ ᠣᠷᠣᠨ ᠤ ᠡᠷᠳᠡᠮᠲᠡᠨ᠂ ᠰᠤᠳᠤᠯᠤᠭᠠᠴᠢᠳ ᠣᠷᠣᠯᠴᠠᠭᠰᠠᠨ᠃
ᠲᠤᠰ ᠬᠤᠷᠠᠯ ᠤᠨ ᠣᠷᠣᠯᠴᠠᠭᠴᠢᠳ ᠮᠣᠩᠭᠣᠯ ᠤᠯᠤᠰ ᠤᠨ ᠲᠥᠷᠥ ᠶᠢᠨ ᠲᠡᠷᠢᠭᠦᠨ ᠦ ᠰᠠᠨᠠᠭᠠᠴᠢᠯᠠᠭ᠎ᠠ ᠶᠢ ᠳᠡᠮᠵᠢᠨ ᠴᠢᠩᠭᠢᠰ ᠬᠠᠭᠠᠨ ᠰᠤᠳᠤᠯᠤᠯ ᠤᠨ ᠣᠯᠠᠨ ᠤᠯᠤᠰ ᠤᠨ ᠬᠣᠯᠪᠣᠭ᠎ᠠ ᠪᠠᠶᠢᠭᠤᠯᠤᠭᠰᠠᠨ ᠨᠢ ᠮᠣᠩᠭᠣᠯ ᠰᠤᠳᠤᠯᠤᠯ᠂ ᠲᠡᠷᠡ ᠳᠤᠮᠳᠠ ᠪᠠᠨ ᠴᠢᠩᠭᠢᠰ ᠬᠠᠭᠠᠨ ᠰᠤᠳᠤᠯᠤᠯ ᠳᠤ ᠴᠢᠬᠤᠯᠠ ᠠᠯᠬᠤᠮ ᠪᠣᠯᠤᠯ᠎ᠠ᠃
ᠰᠡᠭᠦᠯ ᠦᠨ ᠵᠢᠯ ᠦᠳ ᠲᠦ ᠮᠣᠩᠭᠣᠯ ᠤᠯᠤᠰ ᠤᠨ ᠭᠠᠳᠠᠭᠠᠳᠤ ᠬᠠᠷᠢᠯᠴᠠᠭ᠎ᠠ ᠣᠯᠠᠨ ᠤᠯᠤᠰ ᠤᠨ ᠲᠠᠪᠴᠠᠩ ᠳᠤ ᠤᠯᠠᠮ ᠥᠰᠦᠨ ᠪᠡᠬᠢᠵᠢᠵᠦ ᠪᠠᠶᠢᠭ᠎ᠠ ᠪᠥᠭᠡᠳ ᠥᠩᠭᠡᠷᠡᠭᠰᠡᠨ ᠵᠢᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠶᠡᠷᠦᠩᠬᠡᠢ ᠨᠠᠷᠢᠨ ᠪᠢᠴᠢᠭ ᠦᠨ ᠳᠠᠷᠤᠭ᠎ᠠ  ᠠᠨᠲ᠋ᠤᠨᠢᠤ᠋  ᠭᠤᠲ᠋ᠧᠷᠷᠧᠱ ᠮᠣᠩᠭᠣᠯ ᠤᠯᠤᠰ ᠲᠤ ᠠᠶᠢᠯᠴᠢᠯᠠᠬᠤ ᠳᠤ ᠪᠠᠨ 《ᠮᠣᠩᠭᠣᠯ ᠤᠯᠤᠰ ᠪᠣᠯ ᠡᠩᠬᠡ ᠲᠠᠶᠢᠪᠤᠩ ᠤᠨ ᠪᠡᠯᠭᠡ ᠲᠡᠮᠳᠡᠭ ᠪᠣᠯᠤᠭᠰᠠᠨ ᠤᠯᠤᠰ》 ᠬᠡᠮᠡᠨ ᠳᠡᠯᠡᠬᠡᠢ ᠨᠡᠶᠢᠲᠡ ᠳᠦ ᠵᠠᠷᠯᠠᠭᠰᠠᠨ ᠪᠢᠯᠡ᠃ ᠡᠨᠡ ᠪᠣᠯ ᠵᠠᠭᠤᠨ ᠵᠠᠭᠤᠨ ᠢ ᠥᠷᠲᠡᠭᠡᠯᠡᠨ ᠢᠷᠡᠭᠰᠡᠨ ᠡᠪ ᠢ ᠰᠠᠬᠢᠵᠤ᠂ ᠡᠩᠬᠡ ᠶᠢ ᠡᠷᠬᠢᠮᠯᠡᠨ᠂ ᠠᠮᠤᠷ ᠠᠮᠤᠭᠤᠯᠠᠩ ᠠᠵᠤ ᠲᠥᠷᠥᠬᠦ ᠮᠣᠩᠭᠣᠯ ᠲᠥᠷᠥ ᠶᠢᠨ ᠦᠵᠡᠯ ᠰᠠᠨᠠᠭ᠎ᠠ᠂ ᠦᠨᠡᠲᠦ ᠵᠦᠢᠯ ᠢ ᠥᠨᠥ ᠴᠠᠭ ᠤᠨ ᠮᠣᠩᠭᠣᠯᠴᠤᠳ ᠪᠢᠳᠡ ᠥᠪᠯᠡᠨ ᠤᠯᠠᠮᠵᠢᠯᠠᠵᠤ᠂ ᠵᠠᠯᠭᠠᠮᠵᠢᠯᠠᠨ ᠪᠠᠷᠢᠮᠲᠠᠯᠠᠵᠤ ᠪᠠᠶᠢᠭ᠎ᠠ ᠶᠢ ᠦᠨᠡᠯᠡᠭᠰᠡᠨ ᠬᠡᠷᠡᠭ ᠶᠤᠮ᠃
ᠴᠢᠨᠠᠭᠰᠢᠳᠠ ᠴᠤ ᠮᠣᠩᠭᠣᠯ ᠤᠯᠤᠰ ᠳᠡᠯᠡᠬᠡᠢ ᠳ᠋ᠠᠬᠢᠨ ᠤ ᠡᠩᠬᠡ ᠲᠠᠶᠢᠪᠤᠩ᠂ ᠬᠦᠮᠦᠨ ᠲᠥᠷᠥᠯᠬᠢᠲᠡᠨ ᠦ ᠠᠮᠤᠷ ᠠᠮᠤᠭᠤᠯᠠᠩ᠂ ᠠᠶᠤᠯᠭᠦᠢ ᠪᠠᠶᠢᠳᠠᠯ ᠤᠨ ᠲᠥᠯᠦᠭᠡᠬᠢ ᠦᠢᠯᠡᠰ ᠲᠦ ᠢᠳᠡᠪᠬᠢ ᠰᠠᠨᠠᠭᠠᠴᠢᠯᠭ᠎ᠠ ᠲᠠᠢ ᠣᠷᠣᠯᠴᠠᠵᠤ᠂ ᠡᠨᠡ ᠬᠦ ᠪᠠᠶᠢᠷᠢ ᠰᠠᠭᠤᠷᠢ ᠪᠠᠨ ᠤᠯᠠᠮ ᠪᠦᠷ ᠪᠠᠲᠤᠳᠬᠠᠨ ᠪᠡᠬᠢᠵᠢᠭᠦᠯᠬᠦ ᠪᠣᠯᠤᠨ᠎ᠠ᠃
ᠡᠷᠬᠢᠮ ᠬᠦᠨᠳᠦᠲᠦ ᠡᠷᠳᠡᠮᠲᠡᠨ ᠰᠤᠳᠤᠯᠤᠭᠠᠴᠢᠳ ᠡ᠂ ᠡᠷᠬᠢᠮ ᠬᠦᠨᠳᠦᠲᠦ ᠵᠣᠴᠢᠳ ᠠ᠋᠂
ᠨᠢᠭᠡᠨ ᠴᠠᠭ ᠲᠤ ᠮᠣᠩᠭᠣᠯ ᠤᠨ ᠡᠵᠡᠨᠲᠦ ᠭᠦᠷᠦᠨ ᠦ ᠠᠯᠲᠠᠨ ᠠᠷᠭᠠᠮᠵᠢ ᠪᠣᠯᠤᠭᠰᠠᠨ ᠡᠯᠴᠢ ᠨᠠᠷ ᠬᠦᠯᠦᠭ ᠮᠣᠷᠢᠨ ᠤ ᠬᠤᠷᠳᠤ ᠪᠠᠷ ᠳᠡᠯᠡᠬᠡᠢ  ᠳ᠋ᠠᠬᠢᠨ ᠳᠤ ᠮᠣᠩᠭᠣᠯ ᠤᠨ ᠶᠡᠬᠡ ᠠᠮᠤᠷ ᠠᠮᠤᠭᠤᠯᠠᠩ ᠢ ᠵᠠᠷᠯᠠᠨ ᠲᠤᠩᠬᠠᠭᠯᠠᠵᠤ ᠪᠠᠶᠢᠭᠰᠠᠨ ᠪᠣᠯ ᠡᠨᠡ ᠴᠠᠭ ᠦᠶ᠎ᠡ ᠳᠦ ᠡᠷᠳᠡᠮᠲᠡᠨ ᠮᠡᠷᠭᠡᠳ ᠲᠠ ᠪᠦᠬᠦᠨ ᠮᠣᠩᠭᠣᠯ ᠤᠯᠤᠰ ᠢ ᠳᠡᠯᠡᠬᠡᠢ ᠳ᠋ᠠᠬᠢᠨ  ᠳᠤ ᠰᠤᠷᠲᠠᠯᠴᠢᠯᠠᠨ ᠲᠠᠨᠢᠭᠤᠯᠬᠤ ᠡᠷᠳᠡᠮ ᠰᠤᠳᠤᠯᠤᠯ ᠤᠨ ᠡᠯᠴᠢ ᠪᠣᠯᠵᠤ ᠪᠠᠶᠢᠭ᠎ᠠ ᠪᠢᠯᠡ᠃
ᠮᠣᠩᠭᠣᠯ ᠦᠨᠳᠦᠰᠦᠲᠡᠨ ᠦ ᠳᠡᠯᠡᠬᠡᠢ ᠳ᠋ᠠᠬᠢᠨ  ᠳᠤ ᠳᠠᠭᠤᠷᠢᠰᠤᠭᠳᠠᠭᠰᠠᠨ ᠠᠷᠪᠢᠨ ᠪᠠᠶᠠᠯᠢᠭ ᠲᠡᠦᠬᠡ᠂ ᠬᠦᠮᠦᠨ ᠲᠥᠷᠥᠯᠬᠢᠲᠡᠨ ᠳᠦ ᠦᠨᠡᠯᠡᠭᠳᠡᠭᠰᠡᠨ ᠠᠭᠤᠤ ᠶᠡᠬᠡ ᠭᠠᠪᠢᠶ᠎ᠠ ᠵᠢᠳᠬᠦᠯ᠂ ᠲᠢᠪ ᠳᠡᠯᠡᠬᠡᠢ ᠳᠦ ᠭᠠᠶᠢᠬᠠᠭᠳᠠᠭᠰᠠᠨ ᠳᠠᠬᠢᠨ ᠳᠠᠪᠲᠠᠭᠳᠠᠰᠢ ᠦᠭᠡᠢ ᠨᠡᠭᠦᠳᠡᠯ ᠦᠨ ᠰᠤᠶᠤᠯ ᠢᠷᠭᠡᠨᠰᠢᠯ᠂ ᠥᠪᠡᠷᠮᠢᠴᠡ ᠨᠠᠨᠳᠢᠨ ᠥᠪ ᠰᠤᠶᠤᠯ ᠢ ᠰᠤᠳᠤᠯᠤᠨ ᠰᠢᠨᠵᠢᠯᠡᠵᠦ᠂ ᠣᠯᠠᠨ ᠤᠯᠤᠰ ᠲᠤ ᠮᠣᠩᠭᠣᠯ ᠰᠤᠳᠤᠯᠤᠯ ᠢ ᠬᠥᠭᠵᠢᠭᠦᠯᠬᠦ ᠲᠠ ᠪᠦᠬᠦᠨ ᠦ ᠶᠡᠬᠡ ᠦᠢᠯᠡ ᠬᠡᠷᠡᠭ ᠢ ᠮᠣᠩᠭᠣᠯ ᠤᠨ ᠲᠥᠷᠥ ᠪᠦᠬᠦ ᠲᠠᠯ᠎ᠠ ᠪᠠᠷ ᠳᠡᠮᠵᠢᠨ ᠬᠠᠮᠲᠤᠷᠠᠨ ᠠᠵᠢᠯᠯᠠᠬᠤ ᠪᠣᠯᠤᠨ᠎ᠠ᠃
ᠣᠯᠠᠨ ᠤᠯᠤᠰ ᠤᠨ ᠮᠣᠩᠭᠣᠯᠴᠢ ᠡᠷᠳᠡᠮᠲᠡᠨ ᠦ ᠠᠷᠪᠠᠨ ᠬᠤᠶᠠᠳᠤᠭᠠᠷ ᠶᠡᠬᠡ ᠬᠤᠷᠠᠯ ᠤᠨ ᠦᠢᠯᠡ ᠠᠵᠢᠯᠯᠠᠭᠠᠨ ᠳᠤ ᠠᠮᠵᠢᠯᠲᠠ ᠬᠦᠰᠡᠵᠦ᠂ ᠨᠡᠶᠢᠲᠡ ᠣᠷᠣᠯᠴᠠᠭᠴᠢ ᠡᠷᠳᠡᠮᠲᠡᠨ ᠰᠤᠳᠤᠯᠤᠭᠠᠴᠢ ᠲᠠ ᠪᠦᠬᠦᠨ ᠦ ᠡᠷᠳᠡᠮ ᠰᠤᠳᠤᠯᠤᠯ ᠤᠨ ᠶᠡᠬᠡ ᠦᠢᠯᠡ ᠬᠡᠷᠡᠭ ᠲᠦ ᠥᠨᠳᠥᠷ ᠠᠮᠵᠢᠯᠲᠠ ᠬᠦᠰᠡᠶ᠎ᠡ᠃ ᠮᠣᠩᠭᠣᠯ ᠰᠤᠳᠤᠯᠤᠯ ᠦᠶ᠎ᠡ ᠶᠢᠨ ᠦᠶ᠎ᠡ ᠳᠦ ᠬᠥᠭᠵᠢᠨ ᠳᠡᠯᠭᠡᠷᠡᠬᠦ ᠪᠣᠯᠲᠤᠭᠠᠢ ᠭᠡᠯ᠎ᠡ᠃

ᠰᠡᠳᠬᠢᠭᠳᠡᠯ ᠦᠯᠡᠳᠡᠭᠡᠬᠦ