ᠮᠣᠩᠭᠣᠯ ᠤᠯᠤᠰ ᠲᠤ ᠠᠵᠢᠯᠯᠠᠵᠤ ᠠᠮᠢᠳᠤᠷᠠᠵᠤ ᠪᠤᠢ ᠡᠨᠡᠳᠬᠡᠭᠴᠦᠳ ᠥᠴᠥᠭᠡᠳᠦᠷ ᠲᠣᠬᠢᠶᠠᠭᠰᠠᠨ ᠡᠨᠡᠳᠬᠡᠭ ᠦᠨ ᠲᠤᠰᠠᠭᠠᠷ ᠲᠣᠭᠲᠠᠨᠢᠯ ᠤᠨ 76 ᠵᠢᠯ ᠦᠨ ᠣᠢ ᠪᠠᠨ ᠮᠣᠩᠭᠣᠯ ᠠᠨᠳᠠ ᠨᠥᠬᠥᠳ ᠦᠨ ᠬᠠᠮᠲᠤ 8 ᠳ᠋ᠤᠭᠠᠷ ᠰᠠᠷ᠎ᠠ ᠶᠢᠨ 15 ᠳᠤ ᠥᠷᠭᠡᠨ ᠳᠡᠯᠭᠡᠷ ᠲᠡᠮᠳᠡᠭᠯᠡᠨ ᠥᠩᠭᠡᠷᠡᠭᠦᠯᠦᠯ᠎ᠡ᠃
ᠲᠥᠷᠥ ᠶᠢᠨ ᠳᠠᠯᠪᠠᠭ᠎ᠠ ᠪᠠᠨ ᠮᠠᠨᠳᠤᠭᠤᠯᠤᠭᠰᠠᠨ ᠤ ᠳᠠᠷᠤᠭ᠎ᠠ ᠡᠯᠴᠢᠨ ᠰᠠᠶᠢᠳ ᠰᠢᠩᠾ ᠣᠶᠤᠨ ᠰᠠᠨᠠᠭᠠᠨ ᠤ ᠬᠥᠷᠰᠢ᠂ ᠰᠲᠷᠠᠲ᠋ᠧᠭᠢ ᠶᠢᠨ ᠲᠦᠩᠰᠢ ᠮᠣᠩᠭᠣᠯ ᠤᠯᠤᠰ ᠲᠠᠢ ᠲᠡᠦᠬᠡᠨ ᠨᠠᠶᠢᠷᠠᠮᠳᠠᠯᠲᠤ ᠬᠠᠷᠢᠯᠴᠠᠭ᠎ᠠ ᠲᠠᠢ ᠪᠠᠶᠢᠭᠰᠠᠭᠠᠷ ᠢᠷᠡᠭᠰᠡᠨ ᠲᠠᠯ᠎ᠠ ᠪᠠᠷ ᠭᠠᠶᠢᠬᠠᠯᠲᠠᠢ ᠦᠭᠡ ᠬᠡᠯᠡᠵᠦ᠂ ᠭᠠᠵᠠᠷ ᠤᠨ ᠲᠣᠰᠣ ᠪᠣᠯᠪᠠᠰᠤᠷᠠᠭᠤᠯᠬᠤ ᠦᠢᠯᠡᠳᠪᠦᠷᠢ᠂ ᠮᠡᠳᠡᠭᠡᠯᠡᠯ ᠦᠨ ᠲᠧᠭᠨᠣᠯᠣᠭᠢ ᠶᠢᠨ ᠲᠥᠪ᠂ ᠨᠠᠶᠢᠷᠠᠮᠳᠠᠯ ᠤᠨ ᠰᠤᠷᠭᠠᠭᠤᠯᠢ᠂ ᠴᠢᠳᠠᠪᠬᠢᠵᠢᠭᠤᠯᠬᠤ ᠬᠥᠲᠥᠯᠪᠦᠷᠢ ᠨᠦᠭᠦᠳ ᠦᠨ ᠠᠴᠢ ᠬᠣᠯᠪᠣᠭᠳᠠᠯ ᠪᠣᠯᠤᠨ ᠬᠣᠶᠠᠷ ᠣᠷᠣᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠪᠡᠬᠢᠵᠢᠭᠦᠯᠬᠦ ᠶᠢᠨ ᠴᠢᠬᠤᠯᠠ ᠶᠢ ᠣᠨᠴᠠᠯᠠᠨ ᠲᠡᠮᠳᠡᠭᠯᠡᠪᠡ᠃
75 ᠵᠢᠯ ᠦᠨ ᠣᠢ ᠶᠢᠨ ᠠᠷᠭ᠎ᠠ ᠬᠡᠮᠵᠢᠶᠡᠨ ᠳᠦ ᠬᠦᠷᠦᠯᠴᠡᠨ ᠢᠷᠡᠭᠰᠡᠨ ᠲᠤᠰᠬᠠᠢ ᠵᠣᠴᠢᠳ ᠲᠤ ᠭᠠᠨᠳᠠᠨᠳᠡᠭᠴᠢᠯᠡᠨ ᠬᠡᠶᠢᠳ ᠪᠣᠯᠤᠨ ᠳᠠᠰᠢᠴᠤᠢᠯᠤᠨ᠂ ᠫᠧᠲ᠋ᠦᠪ ᠬᠡᠶᠢᠳ ᠦᠨ ᠬᠠᠮᠪᠤ ᠯᠠᠮᠠ᠂ ᠯᠠᠮᠠ ᠬᠤᠸᠠᠷᠠᠭ ᠤᠳ᠂ ᠲᠥᠷᠥ ᠶᠢᠨ ᠥᠨᠳᠥᠷ ᠠᠯᠪᠠᠨ ᠲᠤᠰᠢᠶᠠᠯᠲᠠᠳ᠂ ᠡᠨᠡᠳᠬᠡᠭ ᠦᠨ ᠢᠷᠭᠡᠳ ᠪᠠᠭᠲᠠᠭᠰᠠᠨ ᠪᠠᠶᠢᠪᠠ᠃