ᠤᠯᠤᠰ ᠤᠨ ᠨᠢᠭᠡᠳᠦᠭᠰᠡᠨ ᠲᠥᠰᠥᠪ ᠦᠨ ᠣᠷᠣᠯᠭ᠎ᠠ᠂ ᠲᠤᠰᠠᠯᠠᠮᠵᠢ ᠶᠢᠨ ᠨᠡᠶᠢᠲᠡ ᠬᠡᠮᠵᠢᠶ᠎ᠡ ᠡᠨᠡ ᠣᠨ ᠤ ᠡᠬᠢᠨ ᠦ ᠳᠣᠯᠣᠳᠤᠭᠠᠷ ᠰᠠᠷ᠎ᠠ ᠶᠢᠨ ᠤᠷᠢᠳᠴᠢᠯᠠᠭᠰᠠᠨ ᠭᠦᠢᠴᠡᠳᠬᠡᠯ ᠢᠶᠡᠷ 12.9 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 3.5 ᠶᠡᠬᠡ ᠨᠠᠶᠤᠳ ᠲᠥᠭᠥᠷᠢᠭ ᠪᠤᠶᠤ 37 ᠬᠤᠪᠢ ᠪᠠᠷ ᠥᠰᠴᠠᠢ᠃
ᠬᠠᠷᠢᠨ ᠲᠡᠩᠴᠡᠪᠦᠷᠢᠵᠢᠭᠦᠯᠦᠭᠰᠡᠨ ᠣᠷᠣᠯᠭ᠎ᠠ 12.4 ᠶᠡᠬᠡ ᠨᠠᠶᠤᠳ ᠲᠥᠭᠥᠷᠢᠭ ᠪᠣᠯᠵᠤ᠂ ᠡᠮᠦᠨᠡᠬᠢ ᠣᠨ ᠤ ᠮᠥᠨ ᠦᠶ᠎ᠡ ᠡᠴᠡ 3.2 ᠶᠡᠬᠡ ᠨᠠᠶᠤᠳ ᠲᠥᠭᠥᠷᠢᠭ ᠪᠤᠶᠤ 42.5 ᠬᠤᠪᠢ ᠪᠠᠷ ᠥᠰᠦᠭᠰᠡᠨ ᠪᠠᠶᠢᠨ᠎ᠠ᠃ ᠤᠯᠤᠰ ᠤᠨ ᠨᠢᠭᠡᠳᠦᠭᠰᠡᠨ ᠲᠥᠰᠥᠪ ᠦᠨ ᠨᠡᠶᠢᠲᠡ ᠵᠠᠷᠤᠯᠭ᠎ᠠ᠂ ᠡᠷᠭᠢᠵᠦ ᠲᠦᠯᠦᠭᠳᠡᠬᠦ ᠴᠡᠪᠡᠷ ᠵᠢᠭᠡᠯᠡ ᠶᠢᠨ ᠨᠡᠶᠢᠲᠡ ᠬᠡᠮᠵᠢᠶ᠎ᠡ 11.1 ᠶᠡᠬᠡ ᠨᠠᠶᠤᠳ ᠲᠥᠭᠥᠷᠢᠭ ᠪᠣᠯᠵᠤ᠂ ᠲᠡᠩᠴᠡᠪᠦᠷᠢᠵᠢᠭᠦᠯᠦᠭᠰᠡᠨ ᠲᠡᠩᠴᠡᠯ 1.4 ᠶᠡᠬᠡ ᠨᠠᠶᠤᠳ ᠲᠥᠭᠥᠷᠢᠭ ᠦᠨ ᠠᠰᠢᠭ ᠲᠠᠢ ᠭᠠᠷᠤᠯ᠎ᠠ᠃