ᠤᠯᠠᠨ ᠤᠯᠤᠰ ᠤᠨ ᠤᠯᠢᠮᠫᠢᠺ ᠤᠨ ᠬᠤᠯᠪᠤᠭᠠᠨ ᠤ ᠭᠡᠰᠢᠭᠦᠨ ᠂ ᠣᠯᠢᠮᠫ ᠤᠨ ᠠᠪᠤᠷᠭᠤ᠂ ᠳᠡᠯᠡᠬᠡᠢ ᠶᠢᠨ ᠳᠦᠷᠪᠡᠨ ᠤᠳᠠᠭ᠎ᠠ ᠶᠢᠨ ᠠᠪᠤᠷᠭᠤ᠂ ᠨᠡᠷᠡᠲᠦ ᠵᠢᠤᠳᠤᠤ ᠪᠦᠬᠡ ᠶᠠᠰᠤᠾᠢᠷᠤ᠋ ᠶᠠᠮᠠᠰᠢᠲ᠋ᠠ ᠡᠨᠡ ᠡᠳᠦᠷ ᠦᠳ ᠲᠦ ᠮᠣᠩᠭᠣᠯ ᠤᠯᠤᠰ ᠲᠤ ᠪᠣᠯᠵᠤ ᠪᠤᠢ ᠵᠡᠭᠦᠨ ᠠᠽᠢᠶ᠎ᠠ ᠶᠢᠨ ᠵᠠᠯᠠᠭᠤᠴᠤᠳ ᠤᠨ ᠨᠠᠭᠠᠳᠤᠮ ᠤᠨ ᠨᠢᠭᠡᠨ ᠣᠨᠴᠠᠯᠠᠬᠤ ᠬᠦᠨᠳᠦᠲᠦ ᠵᠣᠴᠢᠨ ᠪᠣᠯᠤᠭᠠᠳ ᠪᠠᠶᠢᠨ᠎ᠠ᠃
ᠲᠡᠷᠡᠪᠡᠷ ᠰᠠᠶ᠋ᠢᠬᠠᠨ ᠶᠠᠫᠣᠨ ᠤ ᠵᠢᠤᠳᠤᠤ ᠪᠦᠬᠡ ᠶᠢᠨ ᠬᠣᠯᠪᠣᠭᠠᠨ ᠤ ᠲᠡᠷᠢᠭᠦᠨ ᠦ ᠠᠵᠢᠯ ᠢᠶᠠᠨ ᠥᠭᠭᠦᠭᠰᠡᠨ ᠪᠥᠭᠡᠳ ᠣᠯᠢᠮᠫᠢᠰᠮ ᠳᠤ ᠪᠠᠨ ᠬᠦᠴᠦᠨ ᠵᠢᠳᠬᠦᠬᠦ ᠪᠡᠷ ᠰᠢᠢᠳᠴᠠᠢ᠃ ᠶᠠᠮᠠᠰᠢᠲ᠋ᠠ ᠮᠣᠩᠭᠣᠯ ᠤᠨ ᠰᠢᠭᠰᠢᠭᠡ ᠪᠠᠭ ᠤᠨ ᠪᠡᠯᠡᠳᠬᠡᠯ ᠢ ᠦᠵᠡᠵᠦ ᠰᠣᠨᠢᠷᠬᠠᠨ᠂ ᠮᠠᠨ ᠤ ᠲᠠᠮᠢᠷᠴᠢᠳ᠂ ᠳᠠᠰᠬᠠᠯᠵᠢᠭᠤᠯᠤᠭᠴᠢᠳ ᠲᠠᠢ ᠠᠭᠤᠯᠵᠠᠵᠤ᠂ ᠠᠮᠵᠢᠯᠲᠠ ᠬᠦᠰᠡᠵᠡᠢ᠃ ᠲᠡᠷᠡ ᠮᠣᠩᠭᠣᠯ ᠳᠤ ᠠᠩᠬ᠎ᠠ ᠤᠳᠠᠭ᠎ᠠ ᠢᠷᠡᠵᠦ ᠪᠠᠶᠢᠭ᠎ᠠ ᠠᠵᠠᠢ᠃