ᠰᠢᠳᠠᠷ ᠰᠠᠶᠢᠳ ᠠᠮᠧᠷᠢᠺᠠ ᠶᠢᠨ ᠲᠤᠰᠠᠭᠠᠷ ᠲᠣᠭᠲᠠᠨᠢᠯ ᠤᠨ 247 ᠵᠢᠯ ᠦᠨ ᠣᠢ ᠳᠤ ᠣᠷᠣᠯᠴᠠᠯ᠎ᠠ | News.MN

ᠰᠢᠳᠠᠷ ᠰᠠᠶᠢᠳ ᠠᠮᠧᠷᠢᠺᠠ ᠶᠢᠨ ᠲᠤᠰᠠᠭᠠᠷ ᠲᠣᠭᠲᠠᠨᠢᠯ ᠤᠨ 247 ᠵᠢᠯ ᠦᠨ ᠣᠢ ᠳᠤ ᠣᠷᠣᠯᠴᠠᠯ᠎ᠠ

ᠮᠣᠩᠭᠣᠯ ᠤᠯᠤᠰ ᠤᠨ ᠰᠢᠳᠠᠷ ᠰᠠᠶᠢᠳ ᠰ∙ᠠᠮᠤᠷᠰᠠᠶᠢᠬᠠᠨ ᠠᠮᠧᠷᠢᠺᠠ ᠶᠢᠨ ᠨᠢᠭᠡᠳᠦᠭᠰᠡᠨ ᠤᠯᠤᠰ ᠤᠨ ᠲᠤᠰᠠᠭᠠᠷ ᠲᠣᠭᠲᠠᠨᠢᠯ ᠤᠨ 247 ᠵᠢᠯ ᠦᠨ ᠣᠢ ᠶᠢᠨ ᠬᠦᠨᠳᠦᠳᠬᠡᠯ ᠦᠨ ᠶᠣᠰᠣᠯᠠᠯ ᠳᠤ ᠣᠷᠣᠯᠴᠠᠨ᠂ ᠪᠠᠶᠠᠷ ᠬᠦᠷᠭᠡᠵᠦ᠂ ᠦᠭᠡ ᠬᠡᠯᠡᠯ᠎ᠡ᠃ ᠲᠡᠷᠡᠪᠡᠷ᠄《ᠮᠠᠨ ᠤ ᠬᠣᠶᠠᠷ ᠤᠯᠤᠰ 36 ᠵᠢᠯ ᠦᠨ ᠡᠮᠦᠨ᠎ᠡ ᠠᠯᠪᠠᠨ ᠶᠣᠰᠣᠭᠠᠷ ᠬᠠᠷᠢᠯᠴᠠᠵᠤ ᠡᠬᠢᠯᠡᠭᠰᠡᠨ ᠢᠶᠡᠷ ᠮᠣᠩᠭᠣᠯ ᠤᠯᠤᠰ᠂ ᠠᠮᠧᠷᠢᠺᠠ ᠶᠢᠨ ᠨᠠᠶᠢᠷᠰᠠᠭ ᠬᠠᠷᠢᠯᠴᠠᠭ᠎ᠠ᠂ ᠲᠠᠯ᠎ᠠ ᠪᠦᠷᠢ ᠶᠢᠨ ᠬᠠᠮᠲᠤ ᠶᠢᠨ ᠠᠵᠢᠯᠯᠠᠭᠠᠨ ᠤ ᠬᠦᠷᠢᠶ᠎ᠡ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠵᠡᠷᠭᠡ ᠨᠡᠶᠢᠲᠡᠯᠢᠭ ᠦᠨᠡᠲᠦ ᠵᠦᠢᠯ᠂ ᠰᠲᠷᠠᠲ᠋ᠧᠭᠢ ᠶᠢᠨ ᠰᠣᠨᠢᠷᠬᠠᠯ᠂ ᠠᠷᠠᠳ ᠲᠦᠮᠡᠨ ᠦ ᠬᠠᠮᠲᠤ ᠶᠢᠨ ᠬᠦᠰᠡᠯ ᠲᠡᠮᠡᠤᠯᠤᠯ ᠳᠦ ᠲᠤᠯᠭᠠᠭᠤᠷᠢᠯᠠᠨ ᠵᠢᠯ ᠡᠴᠡ ᠵᠢᠯ ᠳᠦ ᠥᠷᠭᠡᠵᠢᠨ ᠬᠥᠭᠵᠢᠵᠦ ᠪᠠᠶᠢᠨ᠎ᠠ᠃

ᠮᠣᠩᠭᠣᠯ ᠤᠯᠤᠰ᠂ ᠠᠮᠧᠷᠢᠺᠠ ᠬᠣᠭᠣᠷᠣᠨᠳᠣ ᠶᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠶᠡᠷᠦᠩᠬᠡᠢ ᠬᠡᠯᠡᠯᠴᠡᠭᠡᠷ ᠢᠶᠡᠷ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠬᠠᠮᠲᠤᠷᠠᠭᠰᠠᠨ ᠬᠣᠷᠢᠶ᠎ᠠ ᠶᠢ 2004 ᠣᠨ ᠳᠤ ᠪᠠᠶᠢᠭᠤᠯᠤᠭᠰᠠᠨ᠃ ᠮᠢᠨᠦ ᠪᠡᠶ᠎ᠡ ᠮᠣᠩᠭᠣᠯ᠂ ᠠᠮᠧᠷᠢᠺᠠ ᠶᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢᠨ ᠬᠠᠮᠲᠤᠷᠠᠭᠰᠠᠨ ᠬᠣᠷᠢᠶᠠᠨ ᠤ ᠮᠣᠩᠭᠣᠯ ᠤᠨ ᠲᠠᠯ᠎ᠠ ᠶᠢ ᠳᠠᠷᠤᠭᠠᠯᠠᠳᠠᠭ ᠪᠥᠭᠡᠳ ᠲᠤᠰ ᠬᠣᠷᠢᠶᠠᠨ ᠤ ᠳᠤᠯᠤᠳᠤᠭᠠᠷ ᠬᠤᠷᠠᠯᠳᠤᠭᠠᠨ ᠢ ᠬᠡᠳᠦᠬᠡᠨ ᠬᠣᠨᠣᠭ ᠤᠨ ᠳᠠᠷᠠᠭ᠎ᠠ ᠤᠯᠠᠭᠠᠨᠪᠠᠭᠠᠲᠤᠷ  ᠬᠤᠲᠠᠨ᠎ᠠ ᠵᠣᠬᠢᠶᠠᠨ ᠪᠠᠶᠢᠭᠤᠯᠵᠤ᠂ ᠬᠣᠶᠠᠷ ᠲᠠᠯ᠎ᠠ ᠶᠢᠨ ᠬᠤᠳᠠᠯᠳᠤᠭ᠎ᠠ᠂ ᠬᠥᠷᠥᠩᠭᠡ ᠣᠷᠣᠭᠤᠯᠤᠯᠲᠠ ᠶᠢ ᠳᠡᠮᠵᠢᠬᠦ᠂ ᠥᠷᠭᠡᠵᠢᠭᠦᠯᠬᠦ ᠲᠠᠯ᠎ᠠ ᠪᠠᠷ ᠳᠡᠯᠭᠡᠷᠡᠩᠭᠦᠢ ᠶᠠᠷᠢᠶ᠎ᠠ ᠬᠡᠯᠡᠯᠴᠡᠭᠡ ᠬᠢᠬᠦ ᠪᠡᠷ ᠪᠡᠯᠡᠳᠬᠡᠯ ᠠᠵᠢᠯ ᠢ ᠬᠠᠩᠭᠠᠵᠤ ᠪᠠᠶᠢᠨ᠎ᠠ᠃ ᠮᠣᠩᠭᠣᠯ ᠤᠯᠤᠰ ᠢᠷᠡᠬᠦ ᠣᠨ ᠵᠢᠯ ᠦᠳ ᠲᠦ ᠬᠣᠶᠠᠷ ᠤᠯᠤᠰ ᠤᠨ ᠰᠲᠷᠠᠲ᠋ᠧᠭᠢ ᠶᠢᠨ ᠭᠤᠷᠪᠠᠳᠠᠭᠴᠢ ᠬᠥᠷᠰᠢ ᠶᠢᠨ ᠲᠦᠩᠰᠢᠯᠡᠯ ᠦᠨ ᠬᠠᠷᠢᠯᠴᠠᠭ᠎ᠠ ᠶᠢ ᠬᠤᠳᠠᠯᠳᠤᠭ᠎ᠠ᠂ ᠡᠳ᠋  ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ ᠡᠷᠡᠮᠡᠯᠵᠡᠯ ᠳᠦᠭᠦᠷᠡᠩ ᠪᠠᠶᠢᠨ᠎ᠠ》ᠬᠡᠮᠡᠪᠡ᠃

ᠰᠡᠳᠬᠢᠭᠳᠡᠯ ᠦᠯᠡᠳᠡᠭᠡᠬᠦ