ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ《ᠤᠯᠠᠭᠠᠨᠪᠠᠭᠠᠲᠤᠷ ᠤᠨ ᠲᠤᠩᠬᠠᠭ》 ᠢ ᠪᠠᠲᠤᠯᠠᠯ᠎ᠠ | News.MN

ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ《ᠤᠯᠠᠭᠠᠨᠪᠠᠭᠠᠲᠤᠷ ᠤᠨ ᠲᠤᠩᠬᠠᠭ》 ᠢ ᠪᠠᠲᠤᠯᠠᠯ᠎ᠠ

ᠠᠽᠢᠶ᠎ᠠ᠂ ᠨᠣᠮᠣᠬᠠᠨ ᠳᠠᠯᠠᠢ ᠶᠢᠨ ᠣᠷᠣᠨ ᠨᠤᠭᠤᠳ ᠤᠨ ᠫᠠᠷᠯᠠᠮᠧᠨᠲᠴᠢᠳ ᠤᠨ ᠳᠡᠯᠡᠬᠡᠢ ᠶᠢᠨ ᠡᠷᠡᠭᠦᠯ ᠮᠡᠨᠳᠦ ᠶᠢᠨ  ᠠᠰᠠᠭᠤᠳᠠᠯ ᠤᠨ ᠲᠤᠬᠠᠢ ᠳᠤᠯᠤᠳᠤᠭᠠᠷ ᠴᠢᠭᠤᠯᠭᠠᠨ《ᠢᠷᠡᠭᠡᠳᠦᠢ ᠶᠢᠨ ᠲᠥᠯᠥᠭᠡ ᠠᠩᠬᠠᠨ ᠱᠠᠲᠤᠨ ᠤ ᠲᠤᠰᠠᠯᠠᠮᠵᠢ ᠦᠢᠯᠡᠴᠢᠯᠡᠭᠡ ᠶᠢ ᠪᠦᠲᠦᠭᠡᠶ᠎ᠡ》ᠰᠡᠳᠦᠪ ᠦᠨ ᠳᠣᠣᠷ᠎ᠠ ᠮᠣᠩᠭᠣᠯ ᠤᠯᠤᠰ ᠲᠤ ᠭᠤᠷᠪᠠᠨ ᠡᠳᠦᠷ ᠦᠨ ᠲᠤᠷᠰᠢ ᠠᠮᠵᠢᠯᠲᠠ ᠲᠠᠢ ᠪᠣᠯᠵᠤ ᠥᠨᠳᠥᠷᠯᠡᠯ᠎ᠡ᠃
ᠮᠣᠩᠭᠣᠯ ᠤᠯᠤᠰ ᠤᠨ ᠶᠡᠬᠡ ᠬᠤᠷᠠᠯ᠂ ᠡᠷᠡᠭᠦᠯ ᠮᠡᠨᠳᠦ ᠶᠢᠨ ᠶᠠᠮᠤᠨ᠂ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠬᠠᠮᠲᠤᠷᠠᠨ ᠵᠣᠬᠢᠶᠠᠨ ᠪᠠᠶᠢᠭᠤᠯᠤᠭᠰᠠᠨ ᠤᠭ ᠴᠢᠭᠤᠯᠭᠠᠨ ᠳᠤ 15 ᠣᠷᠣᠨ ᠤ ᠫᠠᠷᠯᠠᠮᠧᠨᠲ ᠤᠨ ᠭᠡᠰᠢᠭᠦᠨ᠂ ᠳᠠᠷᠤᠭ᠎ᠠ᠂ ᠡᠷᠡᠭᠦᠯ ᠮᠡᠨᠳᠦ ᠶᠢᠨ ᠰᠠᠶᠢᠳ ᠪᠣᠯᠤᠨ ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠨᠡᠶᠢᠲᠡ 70 ᠭᠠᠷᠤᠢ ᠲᠥᠯᠥᠭᠡᠯᠡᠭᠴᠢ  ᠤᠷᠤᠯᠴᠠᠵᠤ᠂ ᠴᠢᠭᠤᠯᠭᠠᠨ ᠤ ᠦᠷ᠎ᠡ ᠳ᠋ᠦᠩ ᠪᠣᠯᠭᠠᠨ《ᠤᠯᠠᠭᠠᠨᠪᠠᠭᠠᠲᠤᠷ ᠤᠨ ᠲᠤᠩᠬᠠᠭ》 ᠢ ᠪᠠᠲᠤᠯᠠᠯ᠎ᠠ᠃ᠳᠡᠯᠡᠬᠡᠢ ᠶᠢᠨ ᠡᠷᠡᠭᠦᠯ ᠮᠡᠨᠳᠦ ᠶᠢᠨ ᠪᠠᠶᠢᠭᠤᠯᠤᠯᠭ᠎ᠠ ᠶᠢᠨ ᠨᠣᠮᠣᠬᠠᠨ ᠳᠠᠯᠠᠢ ᠶᠢᠨ ᠪᠠᠷᠠᠭᠤᠨ ᠪᠥᠰᠡ ᠶᠢᠨ ᠵᠠᠬᠢᠷᠤᠯ ᠤᠨ ᠡᠭᠦᠷᠭᠡ ᠭᠦᠢᠴᠡᠳᠬᠡᠭᠴᠢ  ᠵᠤᠵᠤᠨᠨᠠ ᠶᠠᠺᠠᠪ ᠴᠢᠭᠤᠯᠭᠠᠨ ᠢ ᠬᠠᠭᠠᠵᠤ ᠬᠡᠯᠡᠭᠰᠡᠨ ᠦᠭᠡᠨ ᠳᠦ ᠪᠡᠨ᠂ ᠴᠢᠭᠤᠯᠭᠠᠨ ᠢ ᠠᠮᠵᠢᠯᠲᠠᠲᠠᠢ ᠵᠣᠬᠢᠶᠠᠨ ᠪᠠᠶᠢᠭᠤᠯᠬᠤ ᠳᠤ ᠮᠣᠩᠭᠣᠯ ᠤᠯᠤᠰ ᠤᠨ ᠶᠡᠬᠡ ᠬᠤᠷᠠᠯ᠂ ᠤᠯᠤᠰ ᠤᠨ ᠶᠡᠬᠡ ᠬᠤᠷᠠᠯ ᠤᠨ ᠳᠠᠷᠤᠭ᠎ᠠ ᠶᠢ ᠮᠠᠩᠯᠠᠶᠢᠯᠠᠨ ᠣᠷᠣᠯᠴᠠᠵᠤ ᠪᠠᠶᠢᠭ᠎ᠠ ᠳᠤ ᠲᠠᠯᠠᠷᠬᠠᠯ ᠢᠯᠡᠷᠬᠡᠶᠢᠯᠡᠭᠡᠳ ᠬᠦᠮᠦᠨ ᠠᠮᠠ ᠴᠥᠭᠡᠨ᠂ ᠲᠠᠷᠬᠠᠮᠠᠯ ᠰᠠᠭᠤᠷᠢᠰᠢᠭᠰᠠᠨ ᠮᠣᠩᠭᠣᠯ ᠤᠯᠤᠰ ᠤᠨ ᠡᠷᠡᠭᠦᠯ ᠮᠡᠨᠳᠦ ᠶᠢᠨ ᠠᠩᠬᠠᠨ ᠱᠠᠲᠤᠨ ᠤ ᠲᠤᠰᠠᠯᠠᠮᠵᠢ᠂ ᠦᠢᠯᠡᠴᠢᠯᠡᠭᠡ ᠨᠢ ᠥᠪᠡᠷ ᠦᠨ ᠭᠡᠰᠡᠨ ᠲᠣᠭᠲᠠᠯᠴᠠᠭ᠎ᠠ ᠲᠠᠢ ᠪᠣᠯᠤᠭᠰᠠᠨ ᠢ ᠴᠣᠬᠣᠨ ᠲᠡᠮᠳᠡᠭᠯᠡᠪᠡ᠃ ᠲᠡᠷᠡᠪᠡᠷ᠂ ᠮᠣᠩᠭᠣᠯ ᠤᠯᠤᠰ ᠤᠨ ᠡᠷᠡᠭᠦᠯ ᠮᠡᠨᠳᠦ ᠶᠢᠨ ᠠᠩᠬᠠᠨ ᠱᠠᠲᠤᠨ ᠤ ᠲᠤᠰᠠᠯᠠᠮᠵᠢ ᠦᠢᠯᠡᠴᠢᠯᠡᠭᠡᠨ ᠦ ᠤᠭ ᠲᠣᠭᠲᠠᠯᠴᠠᠭ᠎ᠠ ᠶᠢ ᠣᠯᠠᠨ ᠤᠯᠤᠰ ᠤᠨ ᠲᠦᠪᠰᠢᠨ ᠳᠦ ᠲᠠᠨᠢᠯᠴᠠᠭᠤᠯᠬᠤ ᠪᠠᠷ ᠲᠥᠯᠥᠪᠯᠡᠵᠦ ᠪᠠᠶᠢᠨ᠎ᠠ ᠭᠡᠳ ᠤᠯᠤᠰ ᠣᠷᠣᠨ ᠨᠤᠭᠤᠳ ᠡᠷᠡᠭᠦᠯ ᠮᠡᠨᠳᠦ ᠶᠢᠨ ᠰᠠᠯᠪᠤᠷᠢ ᠶᠢᠨ ᠰᠠᠩᠬᠦᠦᠵᠢᠯᠲᠡ ᠶᠢ ᠵᠠᠷᠤᠳᠠᠯ ᠭᠡᠵᠦ ᠬᠠᠷᠠᠬᠤ ᠠᠴᠠ ᠢᠯᠡᠭᠦᠦ ᠲᠡᠢ ᠤᠯᠤᠰ ᠣᠷᠣᠨ ᠤ ᠬᠥᠭᠵᠢᠯ ᠦᠨ ᠰᠠᠭᠤᠷᠢ ᠭᠡᠵᠦ ᠦᠵᠡᠬᠦ ᠶᠢᠨ ᠴᠢᠬᠤᠯᠠ ᠶᠢ ᠳᠤᠷᠠᠳᠤᠯ᠎ᠠ᠃
《ᠤᠯᠠᠭᠠᠨᠪᠠᠭᠠᠲᠤᠷ ᠤᠨ ᠲᠤᠩᠬᠠᠭ》ᠨᠢ ᠬᠦᠮᠦᠨ ᠦ ᠰᠠᠶᠢᠨ ᠰᠠᠶᠢᠬᠠᠨ᠂ ᠲᠡᠭᠰᠢ ᠪᠠᠶᠢᠳᠠᠯ ᠢ ᠢᠯᠡᠭᠦᠦ ᠲᠡᠢ ᠡᠷᠬᠢᠮᠯᠡᠵᠦ ᠬᠦᠮᠦᠨ ᠦ ᠡᠷᠬᠡ ᠶᠢ ᠪᠠᠲᠤᠯᠠᠭᠠᠵᠢᠭᠤᠯᠤᠭᠰᠠᠨ ᠡᠷᠡᠭᠦᠯ ᠮᠡᠨᠳᠦ ᠶᠢᠨ ᠠᠩᠬᠠᠨ ᠱᠠᠲᠤᠨ ᠤ ᠲᠤᠰᠠᠯᠠᠮᠵᠢ᠂ ᠦᠢᠯᠡᠴᠢᠯᠡᠭᠡ ᠶᠢ ᠤᠯᠠᠮ ᠪᠡᠬᠢᠵᠢᠭᠦᠯᠬᠦ ᠳᠦ ᠪᠥᠰᠡ ᠨᠤᠲᠤᠭ ᠤᠨ ᠬᠡᠮᠵᠢᠶᠡᠨ ᠳᠦ ᠲᠡᠳᠦᠢ ᠦᠭᠡᠢ ᠣᠯᠠᠨ ᠤᠯᠤᠰ ᠤᠨ ᠲᠦᠪᠰᠢᠨ ᠳᠦ ᠴᠤ ᠴᠢᠬᠤᠯᠠ ᠠᠴᠢ ᠬᠣᠯᠪᠣᠭᠳᠠᠯ ᠲᠠᠢ ᠪᠣᠯᠬᠤ ᠶᠢ ᠴᠢᠭᠤᠯᠭᠠᠨ ᠤ ᠣᠷᠣᠯᠴᠠᠭᠴᠢᠳ ᠰᠠᠨᠠᠯ ᠨᠢᠭᠡᠲᠡᠢ ᠪᠡᠷ ᠲᠡᠮᠳᠡᠭᠯᠡᠭᠡᠳ᠂ ᠡᠷᠡᠭᠦᠯ ᠮᠡᠨᠳᠦ ᠶᠢᠨ ᠠᠩᠬᠠᠨ ᠱᠠᠲᠤᠨ ᠤ ᠲᠤᠰᠠᠯᠠᠮᠵᠢ ᠦᠢᠯᠡᠴᠢᠯᠡᠭᠡᠨ ᠦ ᠲᠣᠭᠲᠠᠯᠴᠠᠭᠠᠨ ᠤ ᠰᠢᠨᠡᠴᠢᠯᠡᠯ ᠳᠦ ᠬᠤᠪᠢ ᠨᠡᠮᠡᠷᠢ ᠪᠡᠨ ᠣᠷᠣᠭᠤᠯᠬᠤ ᠪᠠᠨ ᠢᠯᠡᠷᠬᠡᠶᠢᠯᠡᠭᠰᠡᠨ ᠶᠤᠮ᠃

ᠰᠡᠳᠬᠢᠭᠳᠡᠯ ᠦᠯᠡᠳᠡᠭᠡᠬᠦ