ᠣ᠊ ∙ ᠰᠤᠮᠢᠶᠠᠪᠠᠽᠠᠷ ᠺᠦ᠋ᠷᠠᠰᠢ ᠪᠥᠬᠡ ᠶᠢᠨ ᠥᠰᠪᠦᠷᠢ ᠶᠢᠨ ᠳᠡᠯᠡᠬᠡᠢ ᠶᠢᠨ ᠠᠪᠤᠷᠭᠤ ᠪᠣᠯᠪᠠ | News.MN

ᠣ᠊ ∙ ᠰᠤᠮᠢᠶᠠᠪᠠᠽᠠᠷ ᠺᠦ᠋ᠷᠠᠰᠢ ᠪᠥᠬᠡ ᠶᠢᠨ ᠥᠰᠪᠦᠷᠢ ᠶᠢᠨ ᠳᠡᠯᠡᠬᠡᠢ ᠶᠢᠨ ᠠᠪᠤᠷᠭᠤ ᠪᠣᠯᠪᠠ

ᠡᠮᠦᠨᠡᠭᠣᠪᠢ ᠠᠶᠢᠮᠠᠭ ᠤᠨ ᠨᠣᠶᠠᠨ ᠰᠤᠮᠤ ᠶᠢᠨ ᠬᠠᠷᠢᠶᠠᠲᠤ ᠰᠤᠮᠤ ᠶᠢᠨ ᠵᠠᠭᠠᠨ ᠣ᠊∙ᠰᠤᠮᠢᠶᠠᠪᠠᠽᠠᠷ ᠣᠷᠣᠰ  ᠲᠦ ᠵᠣᠬᠢᠶᠠᠨ ᠪᠠᠶᠢᠭᠤᠯᠤᠭᠰᠠᠨ ᠺᠦ᠋ᠷᠠᠰᠢ ᠪᠥᠬᠡ ᠶᠢᠨ ᠥᠰᠪᠦᠷᠢ ᠦᠶ᠎ᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠡᠴᠡ ᠬᠦᠷᠡᠯ ᠮᠧᠳᠠᠯ ᠬᠦᠷᠲᠡᠭᠰᠡᠨ ᠪᠠᠶᠢᠨ᠎ᠠ᠃

ᠺᠦ᠋ᠷᠠᠰᠢ ᠪᠥᠬᠡ ᠶᠢᠨ 2023 ᠣᠨ ᠤ ᠤᠯᠤᠰ ᠤᠨ ᠥᠰᠪᠦᠷᠢ ᠦᠶ᠎ᠡ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠥᠷᠪᠡᠳᠦᠭᠡᠷ ᠰᠠᠷ᠎ᠠ ᠶᠢᠨ 10-16 ᠍ ᠤ ᠡᠳᠦᠷ ᠦᠳ ᠲᠦ ᠪᠣᠯᠵᠤ᠂ ᠠᠽᠢᠶ᠎ᠠ ᠲᠢᠪ ᠦᠨ ᠠᠪᠤᠷᠭᠤ᠂ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠤᠷᠤᠯᠴᠠᠬᠤ ᠲᠠᠮᠢᠷᠴᠢᠳ ᠢ ᠰᠣᠩᠭᠣᠨ ᠰᠢᠯᠭᠠᠷᠠᠭᠤᠯᠤᠭᠰᠠᠨ᠃
ᠮᠣᠩᠭᠣᠯ ᠤᠯᠤᠰ ᠤᠨ ᠬᠠᠷᠴᠠᠭᠠᠢ᠂ ᠳᠣᠷᠣᠨᠠᠲᠤ ᠠᠶᠢᠮᠠᠭ ᠤᠨ ᠳᠠᠰᠢᠪᠠᠯᠪᠠᠷ ᠰᠤᠮᠤ ᠶᠢᠨ ᠬᠠᠷᠢᠶᠠᠲᠤ ᠳᠣᠷᠵᠢ ᠶᠢᠨ ᠠᠨᠠᠷ 2019 ᠣᠨ ᠳᠤ ᠬᠠᠰᠠᠭᠰᠲ᠋ᠠᠨ ᠳᠤ ᠪᠣᠯᠤᠭᠰᠠᠨ ᠺᠦ᠋ᠷᠠᠰᠢ ᠪᠥᠬᠡ ᠶᠢᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠦ ᠡᠷᠡᠭᠲᠡᠶᠢᠴᠦᠳ ᠦᠨ +100  ᠺᠢᠯᠦᠭᠷᠡᠮ ᠳᠦ ᠲᠦᠷᠦᠭᠦᠯᠡᠵᠦ᠂ ᠳᠡᠯᠡᠬᠡᠢ ᠶᠢᠨ ᠠᠪᠤᠷᠭᠤ ᠪᠣᠯᠵᠤ ᠪᠠᠶᠢᠪᠠ᠃

ᠰᠡᠳᠬᠢᠭᠳᠡᠯ ᠦᠯᠡᠳᠡᠭᠡᠬᠦ