ᠦᠨᠳᠦᠰᠦᠨ ᠦ ᠤᠷᠠᠯᠢᠭ ᠤᠨ ᠶᠡᠬᠡ ᠲᠢᠶᠠᠲ᠋ᠷ ᠪᠣᠯᠤᠨ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠰᠤᠴᠤᠨ ᠬᠣᠲᠠ ᠶᠢᠨ ᠪᠦᠵᠢᠭ ᠦᠨ ᠴᠢᠭᠤᠯᠭ᠎ᠠ᠂ ᠹᠢᠯᠠᠷᠮᠣᠨᠢ ᠣᠷᠺᠧᠰᠲ᠋ᠷ ᠤᠨ ᠬᠠᠮᠲᠤᠷᠠᠭᠰᠠᠨ ᠲᠣᠭᠯᠠᠯᠲᠠ ᠶᠢ ᠰᠤᠴᠤᠨ ᠬᠣᠲᠠ ᠶᠢᠨ ᠤᠳᠬ᠎ᠠ ᠵᠣᠬᠢᠶᠠᠯ ᠤᠨ ᠣᠷᠳᠣᠨ ᠳᠤ ᠡᠨᠡ ᠰᠠᠷ᠎ᠠ ᠶᠢᠨ ᠲᠠᠪᠤᠨ ᠳᠦ ᠵᠣᠬᠢᠶᠠᠨ ᠪᠠᠶᠢᠭᠤᠯᠤᠯ᠎ᠠ᠃
ᠲᠤᠰ ᠲᠢᠶᠠᠲ᠋ᠷ ᠰᠤᠯᠤᠩᠭᠤᠰ ᠤᠨ ᠬᠢᠨ ᠲᠠᠢ 2015 ᠣᠨ ᠠᠴᠠ ᠬᠣᠶᠢᠰᠢ ᠬᠠᠮᠲᠤᠷᠠᠨ ᠠᠵᠢᠯᠯᠠᠵᠤ ᠣᠯᠠᠨ ᠤᠳᠠᠭ᠎ᠠ ᠶᠢᠨ ᠠᠶᠠᠯᠠᠨ ᠪᠣᠯᠤᠨ ᠬᠠᠮᠲᠤᠷᠠᠭᠰᠠᠨ ᠲᠣᠭᠯᠠᠯᠲᠠ ᠵᠣᠬᠢᠶᠠᠨ ᠪᠠᠶᠢᠭᠤᠯᠵᠤ ᠪᠤᠢ ᠶᠤᠮ᠃ ᠡᠨᠡ ᠤᠳᠠᠭ᠎ᠠ ᠳᠤ ᠰᠤᠴᠤᠨ ᠬᠣᠲᠠ ᠶᠢᠨ ᠰᠢᠨᠵᠢᠯᠡᠬᠦ ᠤᠬᠠᠭᠠᠨ᠂ ᠰᠤᠶᠤᠯ ᠤᠷᠠᠯᠢᠭ ᠤᠨ ᠨᠡᠶᠢᠭᠡᠮᠯᠢᠭ ᠲᠡᠢ ᠳᠠᠷᠠᠭ᠎ᠠ ᠶᠢᠨ ᠬᠠᠮᠲᠤ ᠶᠢᠨ ᠠᠵᠢᠯᠯᠠᠭᠠᠨ ᠤ ᠭᠡᠷ᠎ᠡ ᠳᠦ ᠭᠠᠷ ᠤᠨ ᠦᠰᠦᠭ ᠵᠢᠷᠤᠯ᠎ᠠ᠃