ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠵᠦ ᠪᠤᠢ ᠣᠷᠣᠰ ᠤᠨ ᠬᠣᠯᠪᠣᠭᠠᠨ ᠤ ᠬᠤᠷᠠᠯ ᠤᠨ ᠲᠥᠷᠥ ᠶᠢᠨ ᠳ᠋ᠤᠮᠠ ᠶᠢᠨ ᠳᠠᠷᠤᠭ᠎ᠠ ᠸ∙ᠸ∙ᠸᠣᠯᠣᠳᠢᠨ ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠦ ᠥᠨᠥᠳᠥᠷ ᠪᠠᠷᠠᠭᠠᠯᠬᠠᠪᠠ᠃ ᠶᠡᠷᠦᠩᠬᠡᠶᠢᠯᠡᠭᠴᠢ ᠤ᠊ ∙ ᠬᠦᠷᠡᠯᠰᠦ᠋ᠬᠡ ᠣᠷᠣᠰ ᠲᠠᠢ ᠬᠥᠭᠵᠢᠭᠦᠯᠵᠦ ᠪᠤᠢ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠨᠢ ᠮᠣᠩᠭᠣᠯ ᠤᠯᠤᠰ ᠤᠨ ᠭᠠᠳᠠᠭᠠᠳᠤ ᠪᠣᠳᠣᠯᠭ᠎ᠠ ᠶᠢᠨ ᠡᠩ ᠲᠡᠷᠢᠭᠦᠨ ᠦ ᠵᠣᠷᠢᠯᠲᠠ ᠭᠡᠳᠡᠭ ᠢ ᠣᠨᠴᠠᠯᠠᠵᠤ᠂ ᠤᠯᠠᠮᠵᠢᠯᠠᠯᠲᠤ᠂ ᠰᠠᠶᠢᠨ ᠬᠥᠷᠰᠢ ᠶᠢᠨ ᠨᠠᠶᠢᠷᠰᠠᠭ ᠬᠠᠷᠢᠯᠴᠠᠭ᠎ᠠ ᠢᠵᠢ ᠪᠦᠷᠢᠨ ᠰᠲᠷᠠᠲ᠋ᠧᠭᠢ ᠶᠢᠨ ᠲᠦᠩᠰᠢᠯᠡᠯ ᠦᠨ ᠬᠦᠷᠢᠶᠡᠨ ᠳᠦ ᠪᠦᠬᠦ ᠰᠠᠯᠪᠤᠷᠢ ᠳᠤ ᠢᠳᠡᠪᠬᠢᠲᠡᠢ ᠬᠥᠭᠵᠢᠵᠦ ᠪᠠᠶᠢᠭ᠎ᠠ ᠶᠢ ᠲᠡᠮᠳᠡᠭᠯᠡᠪᠡ᠃ ᠮᠥᠨ ᠶᠡᠷᠦᠩᠬᠡᠶᠢᠯᠡᠭᠴᠢ ᠸ∙ᠸ∙ᠫᠦᠲ᠋ᠢᠨ ᠳᠦ ᠮᠡᠨᠳᠦᠴᠢᠯᠡᠭᠡ ᠳᠡᠪᠰᠢᠭᠦᠯᠵᠦ ᠪᠠᠶᠢᠭ᠎ᠠ ᠶᠢ ᠤᠯᠠᠮᠵᠢᠯᠠᠬᠤ ᠶᠢ ᠬᠦᠰᠡᠪᠡ᠃
ᠸ∙ᠸ∙ᠸᠣᠯᠣᠳᠢᠨ ᠫᠦᠲ᠋ᠢᠨ ᠤ ᠮᠡᠨᠳᠦᠴᠢᠯᠡᠭᠡ ᠶᠢ ᠤᠯᠠᠮᠵᠢᠯᠠᠵᠤ᠂ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠤᠯᠠᠮ ᠢᠳᠡᠪᠬᠢᠵᠢᠭᠦᠯᠬᠦ ᠰᠣᠨᠢᠷᠬᠠᠯ ᠲᠠᠢ ᠪᠠᠶᠢᠭ᠎ᠠ ᠪᠠᠨ ᠢᠯᠡᠷᠬᠡᠶᠢᠯᠡᠪᠡ᠃ ᠮᠥᠨ ᠤᠯᠤᠰ ᠤᠨ ᠶᠡᠬᠡ ᠬᠤᠷᠠᠯ᠂ ᠣᠷᠣᠰ ᠦᠨ ᠬᠣᠯᠪᠣᠭᠠᠨ ᠤ ᠤᠯᠤᠰ ᠤᠨ ᠬᠣᠯᠪᠣᠭᠠᠨ ᠤ ᠬᠤᠷᠠᠯ ᠬᠣᠭᠣᠷᠣᠨᠳᠣ ᠶᠢᠨ ᠬᠠᠮᠲᠤᠷᠠᠭᠰᠠᠨ ᠺᠣᠮᠢᠰ ᠠᠵᠢᠯ ᠢᠶᠠᠨ ᠡᠬᠢᠯᠡᠭᠰᠡᠨ ᠨᠢ ᠬᠣᠶᠠᠷ ᠣᠷᠣᠨ ᠤ ᠬᠠᠤᠯᠢ ᠲᠣᠭᠲᠠᠭᠠᠬᠤ ᠪᠠᠶᠢᠭᠤᠯᠤᠯᠭ᠎ᠠ ᠨᠤᠭᠤᠳ ᠤᠨ ᠬᠠᠮᠲᠤ ᠶᠢᠨ ᠠᠵᠢᠯᠯᠠᠭ᠎ᠠ ᠶᠢ ᠰᠢᠨ᠎ᠡ ᠱᠠᠲᠤᠨ ᠳᠤ ᠭᠠᠷᠭᠠᠵᠤ ᠪᠠᠶᠢᠭ᠎ᠠ ᠶᠢ ᠲᠡᠮᠳᠡᠭᠯᠡᠪᠡ᠃