ᠠᠮᠧᠷᠢᠺᠠ ᠳᠦ ᠰᠠᠭᠤᠳᠠᠭ ᠪᠤᠷᠬᠠᠨ ᠤ ᠱᠠᠰᠢᠨ ᠤ ᠵᠢᠳᠬᠦᠯᠲᠡᠨ᠂ ᠠᠵᠢᠶ᠎ᠠ ᠭᠡᠭᠡᠨ 73 ᠨᠠᠰᠤᠨ ᠤ ᠲᠦᠷᠦᠭᠰᠡᠨ ᠡᠳᠦᠷ ᠦᠨ ᠪᠠᠶᠠᠷ ᠢᠶᠠᠷ ᠥᠪᠡᠷ ᠲᠦ ᠢᠷᠡᠭᠰᠡᠨ ᠪᠡᠯᠡᠭ ᠢ ᠤᠷᠢᠳᠤ ᠶᠢᠨ ᠠᠳᠠᠯᠢ ᠮᠣᠩᠭᠣᠯ ᠤᠨ ᠬᠡᠦᠬᠡᠳ ᠵᠠᠯᠠᠭᠤᠰ ᠲᠤ ᠳᠡᠭᠡᠳᠦ ᠪᠣᠯᠪᠠᠰᠤᠷᠠᠯ ᠣᠯᠭᠣᠬᠤ 《ᠵᠥᠪ》 ᠲᠡᠳᠬᠦᠯᠭᠡ᠂ ᠠᠬᠠᠮᠠᠳ ᠨᠠᠰᠤᠲᠠᠳ ᠲᠤ ᠵᠣᠷᠢᠭᠤᠯᠤᠭᠰᠠᠨ ᠰᠤᠷᠭᠠᠯᠲᠠ ᠬᠥᠭᠵᠢᠯ ᠦᠨ 《 ᠠᠭ᠍ᠨᠢᠰᠲ》 ᠲᠥᠪ ᠦᠨ ᠦᠢᠯᠡ ᠠᠵᠢᠯᠯᠠᠭᠠᠨ ᠳᠤ ᠵᠣᠷᠢᠭᠤᠯᠤᠨ ᠢᠯᠡᠭᠡᠬᠦ ᠪᠡᠨ ᠮᠡᠳᠡᠭᠳᠡᠯ᠎ᠡ᠃
《ᠵᠥᠪ》ᠲᠡᠳᠬᠦᠯᠭᠡ ᠨᠢ ᠮᠣᠩᠭᠣᠯ ᠤᠨ ᠤᠶᠤᠲᠠᠳ ᠲᠤ ᠳᠥᠷᠪᠡᠨ ᠵᠢᠯ ᠦᠨ ᠲᠤᠷᠰᠢ ᠳᠤ ᠲᠡᠳᠬᠦᠯᠭᠡ ᠣᠯᠭᠣᠬᠤ ᠵᠣᠷᠢᠯᠭ᠎ᠠ ᠲᠠᠢ ᠪᠥᠭᠡᠳ 《ᠲᠡᠳᠡᠭᠡᠷ ᠬᠡᠦᠬᠡᠳ ᠦᠳ ᠤᠯᠤᠰ ᠣᠷᠣᠨ ᠤ ᠪᠠᠨ ᠲᠦᠰᠢᠭ ᠲᠤᠯᠭᠠᠭᠤᠷᠢ ᠪᠣᠯᠵᠤ᠂ ᠦᠨᠳᠦᠰᠦᠨ ᠦ ᠰᠤᠶᠤᠯ ᠥᠪ ᠤᠯᠠᠮᠵᠢᠯᠠᠯ ᠢᠶᠠᠨ ᠴᠢᠩᠳᠠᠯᠠᠨ ᠳᠡᠭᠡᠳᠦᠯᠡᠭᠰᠡᠨ ᠢᠷᠭᠡᠳ ᠪᠣᠯᠤᠨ᠎ᠠ ᠭᠡᠳᠡᠭ ᠲᠦ ᠪᠢ ᠲᠤᠶᠢᠯ ᠤᠨ ᠢᠲᠡᠭᠡᠯ ᠲᠡᠢ ᠪᠠᠶᠢᠳᠠᠭ》 ᠬᠡᠮᠡᠨ ᠲᠡᠷᠡᠪᠡᠷ ᠴᠠᠬᠢᠮ ᠬᠠᠭᠤᠳᠠᠰᠤ ᠪᠠᠷ ᠢᠶᠠᠨ ᠳᠠᠮᠵᠢᠭᠤᠯᠤᠨ ᠮᠡᠳᠡᠭᠳᠡᠭᠰᠡᠨ ᠪᠠᠶᠢᠨ᠎ᠠ᠃ 2022 ᠣᠨ ᠤ ᠪᠠᠶᠢᠳᠠᠯ ᠢᠶᠠᠷ ᠲᠡᠭᠦᠨ ᠦ ᠲᠡᠳᠬᠦᠯᠭᠡ ᠶᠢ ᠮᠣᠩᠭᠣᠯ ᠤᠨ 64 ᠣᠶᠤᠲᠠᠨ ᠬᠦᠷᠲᠡᠭᠰᠡᠨ ᠪᠠᠶᠢᠨ᠎ᠠ᠃ ᠬᠠᠨ-ᠠᠭᠤᠯᠠ ᠳᠡᠭᠦᠷᠭᠡ ᠳᠤ ᠥᠨᠳᠥᠷ ᠨᠠᠰᠤᠲᠠᠨ ᠳᠤ ᠵᠣᠷᠢᠭᠤᠯᠤᠭᠰᠠᠨ ᠲᠤᠰᠬᠠᠢ ᠲᠥᠬᠥᠭᠡᠷᠦᠮᠵᠢ ᠪᠦᠬᠦᠢ ᠠᠬᠠᠮᠠᠳ ᠤᠨ ᠬᠥᠭᠵᠢᠯ ᠦᠨ 《ᠠᠭ᠍ᠨᠢᠰᠲ》 ᠲᠥᠪ ᠦᠨ ᠵᠢᠷᠭᠤᠭᠠᠨ ᠳᠠᠪᠬᠤᠷ ᠪᠠᠷᠢᠯᠭ᠎ᠠ ᠶᠢᠨ ᠠᠵᠢᠯ ᠳᠠᠭᠤᠰᠴᠤ᠂ ᠣᠳᠣ ᠳᠣᠲᠣᠭᠠᠳᠤ ᠲᠣᠬᠢᠵᠢᠯᠲᠠ ᠶᠢᠨ ᠠᠵᠢᠯ ᠨᠢ ᠦᠷᠭᠦᠯᠵᠢᠯᠡᠵᠦ ᠪᠠᠶᠢᠭ᠎ᠠ ᠶᠤᠮ᠃