ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠡᠨᠡ ᠰᠠᠷ᠎ᠠ ᠶᠢᠨ 17-20 ᠍ ᠤ ᠡᠳᠦᠷ ᠦᠳ ᠲᠦ ᠪᠡᠭᠡᠵᠢᠩ ᠬᠤᠲᠠ ᠳᠤ ᠪᠣᠯᠬᠤ 《ᠪᠥᠰᠡ ᠪᠠ ᠵᠠᠮ》 ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠳᠡᠭᠡᠳᠦ ᠲᠦᠪᠰᠢᠨ ᠦ ᠭᠤᠷᠪᠠᠳᠠᠬᠢ ᠤᠳᠠᠭ᠎ᠠ ᠶᠢᠨ ᠠᠭᠤᠯᠵᠠᠯᠲᠠ ᠳᠤ ᠬᠢᠲᠠᠳ ᠤᠨ ᠳᠠᠷᠤᠭ᠎ᠠ ᠰᠢ ᠵᠢᠨ ᠫᠢᠩ ᠦᠨ ᠤᠷᠢᠯᠭ᠎ᠠ ᠪᠠᠷ ᠣᠷᠣᠯᠴᠠᠨ᠎ᠠ᠃
ᠤ᠊ ∙ ᠬᠦᠷᠡᠯᠰᠦ᠋ᠬᠡ ᠴᠢᠭᠤᠯᠭ᠎ᠠ ᠠᠭᠤᠯᠵᠠᠯᠲᠠ ᠶᠢᠨ《ᠨᠣᠭᠣᠭᠠᠨ ᠲᠣᠷᠭᠠᠨ ᠤ ᠵᠠᠮ ᠢ ᠬᠠᠮᠲᠤ ᠳᠤ ᠪᠠᠨ ᠪᠦᠲᠦᠭᠡᠵᠦ᠂ ᠬᠦᠮᠦᠨ ᠪᠠ ᠪᠠᠢᠭᠠᠯᠢ ᠶᠢᠨ ᠡᠪ ᠵᠣᠬᠢᠰᠲᠠᠢ ᠣᠷᠣᠰᠢᠬᠤᠢ ᠶᠢ ᠤᠷᠤᠭᠰᠢᠯᠠᠭᠤᠯᠤᠶ᠎ᠠ》 ᠬᠡᠯᠡᠯᠴᠡᠭᠦᠯᠭᠡ ᠳᠦ ᠣᠷᠣᠯᠴᠠᠵᠤ ᠦᠭᠡ ᠬᠡᠯᠡᠬᠦ ᠶᠤᠮ᠃ ᠮᠥᠨ ᠰᠢ ᠵᠢᠨ ᠫᠢᠩ᠂ ᠸ ∙ ᠫᠦᠲ᠋ᠢᠨ ᠲᠠᠢ ᠬᠣᠶᠠᠷ ᠲᠠᠯ᠎ᠠ ᠶᠢᠨ ᠠᠭᠤᠯᠵᠠᠯᠲᠠ ᠬᠢᠵᠦ᠂ ᠮᠣᠩᠭᠣᠯ᠂ ᠬᠢᠲᠠᠳ ᠪᠣᠯᠤᠨ ᠮᠣᠩᠭᠣᠯ᠂ ᠣᠷᠣᠰ ᠤᠨ ᠬᠠᠷᠢᠯᠴᠠᠭ᠎ᠠ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃