ᠮᠣᠩᠭᠣᠯ ᠤᠯᠤᠰ ᠤᠨ ᠶᠡᠷᠦᠩᠬᠡᠢ ᠰᠠᠶᠢᠳ ᠯ∙ᠤᠶᠤᠡᠡᠷᠳᠡᠨᠢ ᠪᠦᠭᠦᠳᠡ ᠨᠠᠶᠢᠷᠠᠮᠳᠠᠬᠤ ᠺᠢᠷᠭᠢᠽ ᠤᠯᠤᠰ ᠲᠤ ᠠᠵᠢᠯ ᠤᠨ ᠠᠶᠢᠯᠴᠢᠯᠠᠯ ᠬᠢᠬᠦ ᠪᠡᠷ ᠮᠣᠷᠳᠠᠯ᠎ᠠ᠃ ᠡᠨᠡ ᠬᠦ ᠠᠶᠢᠯᠴᠢᠯᠠᠯ ᠨᠢ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠲᠤᠰ ᠤᠯᠤᠰ ᠲᠤ ᠬᠢᠵᠦ ᠪᠤᠢ ᠠᠩᠬᠠᠨ ᠤ ᠠᠶᠢᠯᠴᠢᠯᠠᠯ ᠶᠤᠮ᠃
ᠯ∙ᠤᠶᠤᠡᠡᠷᠳᠡᠨᠢ ᠪᠢᠱᠺᠧᠺ ᠬᠤᠲᠠᠨ᠎ᠠ ᠡᠨᠡ ᠰᠠᠷ᠎ᠠ ᠶᠢᠨ 24-26 ᠳᠦ ᠪᠣᠯᠬᠤ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠵᠠᠰᠠᠭ ᠤᠨ ᠭᠠᠵᠠᠷ ᠤᠨ ᠲᠡᠷᠢᠭᠦᠨ ᠨᠠᠷ ᠤᠨ ᠵᠥᠪᠯᠡᠯ ᠦᠨ ᠥᠷᠭᠡᠳᠬᠡᠭᠰᠡᠨ ᠬᠤᠷᠠᠯᠳᠤᠭᠠᠨ ᠳᠤ ᠣᠷᠣᠯᠴᠠᠨ᠎ᠠ᠃ ᠮᠦᠨ ᠺᠢᠷᠭᠢᠽ ᠤᠯᠤᠰ ᠲᠤ ᠠᠶᠢᠯᠴᠢᠯᠠᠵᠤ᠂ ᠰᠠᠶᠢᠳ ᠨᠠᠷ ᠤᠨ ᠲᠠᠩᠬᠢᠮ ᠤᠨ ᠳᠠᠷᠤᠭ᠎ᠠ ᠠ᠊ ∙ᠵᠠᠫᠠᠷᠤᠸ᠋ ᠲᠠᠢ ᠬᠡᠯᠡᠯᠴᠡᠭᠡ ᠬᠢᠵᠦ᠂ ᠶᠡᠷᠦᠩᠬᠡᠶᠢᠯᠡᠭᠴᠢ ᠰ∙ᠵᠠᠫᠠᠷᠤᠸ᠋᠂ ᠫᠠᠷᠯᠠᠮᠧᠨᠲ ᠤᠨ ᠳᠠᠷᠤᠭ᠎ᠠ ᠲ∙ᠱᠠᠺᠢᠶᠧ ᠨᠠᠷ ᠲᠤ ᠪᠠᠷᠠᠭᠠᠯᠬᠠᠵᠤ᠂ ᠬᠣᠶᠠᠷ ᠲᠠᠯ᠎ᠠ ᠶᠢᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠦᠨ ᠬᠥᠭᠵᠢᠭᠦᠯᠬᠦ᠂ ᠡᠳ᠋ ᠦᠨ ᠵᠠᠰᠠᠭ ᠤᠨ ᠠᠭᠤᠯᠭ᠎ᠠ ᠪᠠᠷ ᠪᠠᠶᠠᠵᠢᠭᠤᠯᠬᠤ ᠠᠰᠠᠭᠤᠳᠠᠯ ᠢᠶᠠᠷ ᠳᠡᠯᠭᠡᠷᠡᠩᠭᠦᠢ ᠰᠠᠨᠠᠯ ᠰᠣᠯᠢᠯᠴᠠᠨ᠎ᠠ᠃