ᠤ᠊ ∙ ᠬᠦᠷᠡᠯᠰᠦ᠋ᠬᠡ᠄ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯ ᠮᠠᠨ ᠤ ᠴᠢᠬᠤᠯᠠ ᠲᠦᠩᠰᠢ | News.MN

ᠤ᠊ ∙ ᠬᠦᠷᠡᠯᠰᠦ᠋ᠬᠡ᠄ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯ ᠮᠠᠨ ᠤ ᠴᠢᠬᠤᠯᠠ ᠲᠦᠩᠰᠢ

ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠶᠢᠨ ᠡᠳᠦᠷ ᠢ ᠲᠣᠬᠢᠶᠠᠯᠳᠤᠭᠤᠯᠤᠨ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙  ᠬᠦᠷᠡᠯᠰᠦ᠋ᠬᠡ ᠥᠨᠥᠳᠥᠷ ᠮᠣᠩᠭᠣᠯ ᠤᠯᠤᠰ ᠳᠠᠬᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠪᠠᠶᠢᠷᠢᠨ ᠳᠤ ᠵᠣᠴᠢᠯᠠᠯ᠎ᠠ᠃
ᠡᠨᠡ ᠦᠶ᠎ᠡ ᠪᠡᠷ ᠲᠡᠷᠡ ᠬᠡᠯᠡᠭᠰᠡᠨ ᠦᠭᠡᠨ ᠳᠦ ᠪᠡᠨ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯ ᠮᠣᠩᠭᠣᠯ ᠤᠯᠤᠰ ᠤᠨ ᠨᠡᠶᠢᠭᠡᠮ᠂ ᠡᠳ᠋  ᠦᠨ ᠵᠠᠰᠠᠭ ᠤᠨ ᠬᠥᠭᠵᠢᠯ ᠢ ᠤᠷᠤᠭᠰᠢᠯᠠᠭᠤᠯᠬᠤ᠂ ᠬᠦᠷᠢᠶᠡᠯᠡᠨ ᠪᠤᠢ ᠣᠷᠴᠢᠨ ᠢ ᠬᠠᠮᠠᠭᠠᠯᠠᠬᠤ᠂ ᠠᠷᠠᠳᠴᠢᠯᠠᠯ᠂ ᠰᠠᠶᠢᠨ ᠵᠠᠰᠠᠭᠯᠠᠯ ᠢ ᠪᠡᠬᠢᠵᠢᠭᠦᠯᠬᠦ  ᠳᠦ ᠪᠦᠬᠦ ᠲᠠᠯ᠎ᠠ ᠶᠢᠨ ᠲᠤᠰᠠᠯᠠᠯᠴᠠᠭ᠎ᠠ ᠳᠡᠮᠵᠢᠯᠭᠡ ᠦᠵᠡᠭᠦᠯᠵᠦ᠂ ᠬᠠᠮᠲᠤᠷᠠᠨ ᠠᠵᠢᠯᠯᠠᠵᠤ ᠪᠤᠢ ᠮᠠᠨ ᠤ ᠴᠢᠬᠤᠯᠠ ᠲᠦᠩᠰᠢ ᠶᠤᠮ ᠬᠡᠮᠡᠨ ᠣᠨᠴᠠᠯᠠᠨ ᠲᠡᠮᠳᠡᠭᠯᠡᠪᠡ᠃
ᠮᠣᠩᠭᠣᠯ ᠤᠯᠤᠰ ᠳᠠᠬᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠰᠢᠷᠠ ᠄ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠡᠳᠦᠷ ᠢᠶᠡᠷ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠮᠠᠨ ᠤ ᠪᠠᠶᠢᠷᠢᠨ ᠳᠤ ᠬᠦᠷᠦᠯᠴᠡᠨ ᠢᠷᠡᠭᠰᠡᠨ ᠶᠠᠪᠤᠳᠠᠯ ᠳᠤ ᠪᠢᠳᠡ ᠪᠦᠬᠦᠨ ᠮᠠᠰᠢ ᠶᠡᠬᠡ ᠲᠠᠯᠠᠷᠬᠠᠵᠤ ᠪᠠᠶᠢᠨ᠎ᠠ᠃ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠪᠣᠯᠤᠨ ᠮᠣᠩᠭᠣᠯ ᠤᠯᠤᠰ ᠬᠣᠭᠣᠷᠣᠨᠳᠣ ᠶᠢᠨ ᠢᠷᠡᠭᠡᠳᠦᠢ ᠶᠢᠨ ᠬᠠᠮᠲᠤ ᠶᠢᠨ ᠠᠵᠢᠯᠯᠠᠭᠠᠨ ᠤ ᠴᠢᠭᠯᠡᠯ ᠦᠨ ᠲᠤᠬᠠᠢ ᠳᠤ ᠬᠡᠯᠡᠬᠦ ᠳᠦ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠨᠢ ᠮᠣᠩᠭᠣᠯ ᠤᠯᠤᠰ ᠤᠨ ᠵᠠᠰᠠᠭ ᠤᠨ ᠭᠠᠵᠠᠷ ᠪᠣᠯᠤᠨ ᠮᠣᠩᠭᠣᠯ ᠤᠨ ᠠᠷᠠᠳ ᠲᠦᠮᠡᠨ ᠲᠡᠢ ᠢᠯᠡᠭᠦᠦ ᠰᠠᠶᠢᠨ ᠰᠠᠶᠢᠬᠠᠨ ᠢᠷᠡᠭᠡᠳᠦᠢ ᠶᠢᠨ ᠲᠥᠯᠥᠭᠡ ᠨᠢᠭᠲᠠ ᠬᠠᠮᠲᠤ ᠶᠢᠨ ᠠᠵᠢᠯᠯᠠᠭ᠎ᠠ ᠥᠷᠨᠢᠭᠦᠯᠵᠦ᠂ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠪᠡᠶᠡᠯᠡᠭᠦᠯᠬᠦ ᠴᠢᠭᠯᠡᠯ ᠳᠦ ᠲᠤᠤᠱᠲᠠᠢ ᠬᠠᠮᠲᠤᠷᠠᠨ ᠠᠵᠢᠯᠯᠠᠬᠤ ᠪᠣᠯᠤᠨ᠎ᠠ᠃ ᠪᠢᠳᠡ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠵᠦ ᠪᠤᠢ ᠦᠶ᠎ᠡ ᠱᠠᠲᠤᠨ ᠳᠤ ᠪᠠᠨ ᠶᠠᠪᠤᠵᠤ ᠪᠤᠢ᠃ ᠡᠨᠡ ᠬᠦᠷᠢᠶᠡᠨ ᠳᠦ ᠪᠢᠳᠡ ᠬᠢᠵᠦ ᠭᠦᠢᠴᠡᠳᠭᠡᠭᠰᠡᠨ ᠠᠵᠢᠯ ᠤᠳ ᠢᠶᠠᠨ ᠳ᠋ᠦᠩᠨᠡᠬᠦ ᠶᠢᠨ ᠰᠠᠴᠠᠭᠤ ᠳᠡᠪᠰᠢᠭᠦᠯᠦᠭᠰᠡᠨ ᠵᠣᠷᠢᠯᠲᠠ ᠳᠤ ᠪᠠᠨ ᠬᠦᠷᠬᠦ ᠶᠠᠮᠠᠷ ᠪᠣᠯᠤᠮᠵᠢ ᠪᠠᠶᠢᠨ᠎ᠠ ᠪᠤᠢ ᠭᠡᠳᠡᠭ ᠳᠡᠭᠡᠷ᠎ᠡ ᠦᠨᠡᠯᠡᠯᠲᠡ ᠬᠢᠵᠦ ᠦᠵᠡᠬᠦ ᠳᠦ ᠳᠡᠯᠡᠬᠡᠢ ᠳᠠᠶᠠᠭᠠᠷ ᠬᠡᠷᠡᠭᠵᠢᠯᠲᠡ ᠶᠢᠨ ᠦᠢᠯᠡ ᠶᠠᠪᠤᠴᠠ ᠬᠠᠩᠭᠠᠯᠲᠠᠲᠠᠢ ᠪᠤᠰᠤ ᠪᠠᠶᠢᠨ᠎ᠠ᠃ ᠲᠡᠶᠢᠮᠦ ᠡᠴᠡ ᠪᠢᠳᠡ ᠲᠣᠭᠲᠠᠪᠤᠷᠢᠲᠠᠢ ᠬᠥᠭᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ ᠴᠢᠭᠯᠡᠯ ᠳᠦ ᠮᠣᠩᠭᠣᠯ ᠤᠯᠤᠰ ᠤᠨ ᠠᠪᠤᠭᠰᠠᠨ ᠡᠭᠦᠷᠭᠡ ᠠᠮᠠᠯᠠᠯᠲᠠ ᠨᠤᠭᠤᠳ ᠢ ᠦᠷ᠎ᠡ ᠳ᠋ᠦᠩ ᠲᠡᠢ ᠭᠦᠢᠴᠡᠳᠭᠡᠬᠦ ᠡᠭᠦᠳᠡᠨ ᠡᠴᠡ ᠬᠤᠷᠳᠤᠰᠬᠠᠭᠤᠷ ᠬᠥᠲᠥᠯᠪᠦᠷᠢ ᠶᠢ ᠬᠡᠷᠡᠭᠵᠢᠭᠦᠯᠵᠦ᠂ ᠳᠡᠮᠵᠢᠨ ᠠᠵᠢᠯᠯᠠᠵᠤ ᠪᠠᠶᠢᠨ᠎ᠠ᠃ ᠴᠢᠨᠠᠭᠰᠢᠳᠠ ᠴᠤ ᠪᠢᠳᠡ ᠮᠣᠩᠭᠣᠯ ᠤᠯᠤᠰ ᠤᠨ ᠠᠪᠤᠭᠰᠠᠨ ᠠᠮᠠᠯᠠᠯᠲᠠ ᠨᠤᠭᠤᠳ ᠢ ᠳᠡᠮᠵᠢᠬᠦ ᠴᠢᠭᠯᠡᠯ ᠳᠦ ᠣᠷᠣᠯᠴᠠᠭᠴᠢ ᠲᠠᠯ᠎ᠠ ᠶᠢᠨ ᠤᠶᠠᠯᠳᠤᠭ᠎ᠠ ᠶᠢ ᠬᠠᠩᠭᠠᠬᠤ ᠠᠴᠠ ᠭᠠᠳᠠᠨ᠎ᠠ ᠨᠢᠭᠲᠠ ᠬᠠᠮᠲᠤᠷᠠᠨ ᠠᠵᠢᠯᠯᠠᠵᠤ᠂ ᠳᠡᠮᠵᠢᠯᠭᠡ ᠲᠤᠰᠠᠯᠠᠯᠴᠠᠭ᠎ᠠ ᠪᠠᠨ ᠦᠷᠭᠦᠯᠵᠢᠯᠡᠭᠦᠯᠦᠭᠰᠡᠭᠡᠷ ᠪᠠᠶᠢᠬᠤ ᠪᠣᠯᠤᠨ᠎ᠠ᠃ ᠢᠯᠠᠩᠭᠤᠶ᠎ᠠ᠂ ᠮᠣᠩᠭᠣᠯ ᠤᠯᠤᠰ ᠤᠨ ᠢᠷᠭᠡᠨ ᠪᠦᠷᠢ ᠶᠢ ᠬᠥᠭᠵᠢᠯ ᠦᠨ ᠦᠢᠯᠡ ᠶᠠᠪᠤᠴᠠ ᠶᠢᠨ ᠦᠷ᠎ᠡ ᠰᠢᠮ᠎ᠡ ᠡᠴᠡ ᠣᠷᠬᠢᠭᠳᠠᠭᠤᠯᠬᠤ ᠦᠭᠡᠢ ᠪᠠᠶᠢᠬᠤ ᠵᠠᠷᠴᠢᠮ ᠢᠶᠠᠷ ᠬᠠᠩᠭᠠᠨ᠎ᠠ ᠬᠡᠮᠡᠨ ᠦᠵᠡᠵᠦ ᠪᠠᠶᠢᠭ᠎ᠠ ᠭᠡᠯ᠎ᠡ᠃
ᠮᠥᠨ ᠦᠶ᠎ᠡ ᠪᠡᠷ ᠶᠡᠷᠦᠩᠬᠡᠶᠢᠯᠡᠭᠴᠢ ᠤ᠊ ∙ ᠬᠦᠷᠡᠯᠰᠦ᠋ᠬᠡ ᠤᠷᠠᠨ ᠪᠠᠷᠢᠮᠠᠯᠴᠢ ᠠ᠊ ∙ ᠸᠴᠢᠷᠪᠣᠯᠣᠳ ᠤᠨ《ᠤᠬᠠᠮᠰᠠᠷ》ᠪᠦᠲᠦᠭᠡᠯ ᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠬᠠᠮᠲᠤ ᠤᠯᠠᠨ ᠳᠤ ᠪᠡᠯᠡᠭᠯᠡᠯ᠎ᠡ᠃

ᠰᠡᠳᠬᠢᠭᠳᠡᠯ ᠦᠯᠡᠳᠡᠭᠡᠬᠦ