《ᠬᠦᠨᠡᠰᠦᠨ ᠦ ᠬᠤᠪᠢᠰᠬᠠᠯ》 ᠤᠨ ᠬᠦᠷᠢᠶᠡᠨ ᠳᠦ ᠣᠯᠭᠤᠵᠤ ᠪᠤᠢ 5-6ᠬᠤᠪᠢ ᠶᠢᠨ ᠬᠦᠦ ᠲᠡᠢ᠂ 2-5 ᠵᠢᠯ ᠦᠨ ᠬᠤᠭᠤᠴᠠᠭ᠎ᠠ ᠲᠠᠢ ᠵᠢᠭᠡᠯᠡ ᠶᠢᠨ ᠶᠠᠪᠤᠴᠠ ᠶᠢᠨ ᠲᠠᠯ᠎ᠠ ᠪᠠᠷ ᠬᠣᠯᠪᠣᠭᠳᠠᠬᠤ ᠠᠯᠪᠠ ᠬᠠᠭᠠᠭᠴᠢᠳ ᠪᠣᠯᠤᠨ ᠪᠠᠩᠬᠢᠨ ᠤ ᠰᠠᠯᠪᠤᠷᠢ ᠶᠢᠨ ᠲᠥᠯᠥᠭᠡᠯᠡᠭᠴᠢᠳ ᠰᠠᠨᠠᠯ ᠰᠣᠯᠢᠯᠴᠠᠭᠰᠠᠨ ᠪᠠᠶᠢᠨ᠎ᠠ᠃ 11 ᠰᠠᠷ᠎ᠠ ᠶᠢᠨ 23 ᠤ ᠪᠠᠶᠢᠳᠠᠯ ᠢᠶᠠᠷ ᠨᠡᠶᠢᠲᠡ 574 ᠲᠡᠷᠪᠤᠮ ᠲᠥᠭᠥᠷᠢᠭ ᠦᠨ ᠵᠢᠭᠡᠯᠡ ᠤᠯᠭᠤᠭᠰᠠᠨ ᠤ 53 ᠬᠤᠪᠢ ᠨᠢ ᠡᠷᠭᠢᠯᠲᠡ ᠶᠢᠨ ᠬᠥᠷᠥᠩᠭᠡ᠂ 47 ᠬᠤᠪᠢ ᠨᠢ ᠬᠥᠷᠥᠩᠭᠡ ᠣᠷᠣᠭᠤᠯᠤᠯᠲᠠ ᠶᠢᠨ ᠵᠢᠭᠡᠯᠡ ᠪᠠᠶᠢᠨ᠎ᠠ᠃
ᠴᠢᠨᠠᠭᠰᠢᠳᠠ ᠮᠠᠯ ᠠᠵᠤ ᠠᠬᠤᠢ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠴᠢᠭᠯᠡᠯ ᠢᠶᠡᠷ ᠵᠢᠭᠡᠯᠡ ᠣᠯᠭᠣᠯᠲᠠ ᠳᠦ ᠠᠩᠬᠠᠷᠬᠤ᠂ ᠢᠯᠠᠩᠭᠤᠶ᠎ᠠ᠂ ᠬᠣᠷᠰᠢᠶᠠᠯᠠᠯ᠂ ᠬᠠᠮᠲᠤᠷᠠᠨ ᠮᠠᠯ ᠠᠵᠤ ᠠᠬᠤᠢ ᠶᠢᠨ ᠪᠢᠽᠢᠨᠧᠰ ᠬᠢᠬᠦ᠂ ᠡᠭᠦᠯᠳᠡᠷ ᠤᠭᠰᠠᠭ᠎ᠠ ᠶᠢ ᠰᠠᠶᠢᠵᠢᠷᠠᠭᠤᠯᠬᠤ᠂ ᠺᠯᠠᠰᠲ᠋ᠸᠷ᠂ ᠥᠷᠲᠡᠭ ᠦᠨ ᠰᠦᠯᠵᠢᠶ᠎ᠡ᠂ ᠪᠡᠯᠴᠢᠭᠡᠷ ᠦᠨ ᠪᠣᠯᠤᠨ ᠡᠷᠴᠢᠮᠵᠢᠭᠰᠡᠨ ᠮᠠᠯ ᠠᠵᠤ ᠠᠬᠤᠢ ᠵᠥᠪ ᠬᠣᠣᠰᠯᠠᠯ᠂ ᠪᠡᠯᠡᠳᠬᠡᠨ ᠨᠡᠶᠢᠯᠡᠭᠦᠯᠦᠭᠴᠢᠳ ᠢ ᠳᠡᠮᠵᠢᠬᠦ ᠵᠡᠷᠭᠡ ᠣᠯᠠᠨ ᠴᠢᠬᠤᠯᠠ ᠴᠢᠭᠯᠡᠯ ᠳᠦ ᠣᠷᠣᠨ ᠨᠤᠲᠤᠭ ᠲᠤ ᠵᠢᠭᠡᠯᠡ ᠤᠯᠭᠤᠬᠤ ᠪᠣᠯᠤᠮᠵᠢ ᠶᠢᠨ ᠲᠠᠯ᠎ᠠ ᠪᠠᠷ ᠲᠠᠯ᠎ᠠ ᠨᠤᠭᠤᠳ ᠰᠠᠨᠠᠯ ᠰᠣᠯᠢᠯᠴᠠᠭᠰᠠᠨ ᠪᠠᠶᠢᠨ᠎ᠠ᠃