ᠤᠯᠤᠰ ᠤᠨ ᠵᠠᠭᠠᠨ ᠪ∙ᠰᠧᠷᠢᠺ ᠤᠨ ᠪᠠᠷᠢᠯᠳᠤᠭᠠᠨ ᠤ ᠦᠶ᠎ᠡ ᠪᠡᠷ ᠭᠠᠷᠭᠠᠭᠰᠠᠨ ᠦᠢᠯᠡᠳᠦᠯ ᠳᠦ ᠴᠠᠭᠳᠠᠭ᠎ᠠ ᠶᠢᠨ ᠪᠠᠶᠢᠭᠤᠯᠤᠯᠭ᠎ᠠ ᠠᠴᠠ ᠬᠠᠷᠢᠭᠤᠴᠠᠯᠭ᠎ᠠ ᠲᠣᠭᠠᠴᠠᠵᠠᠢ᠃ ᠲᠣᠳᠣᠷᠠᠭᠤᠯᠪᠠᠯ᠂ ᠲᠡᠷᠡᠪᠡᠷ 12 ᠳ᠋ᠤᠭᠠᠷ ᠰᠠᠷ᠎ᠠ ᠶᠢᠨ 7 ᠤ ᠡᠳᠦᠷ ᠪᠣᠯᠤᠭᠰᠠᠨ ᠦᠨᠳᠦᠰᠦᠨ ᠦ ᠪᠥᠬᠡ ᠶᠢᠨ ᠪᠠᠷᠢᠯᠳᠤᠭᠠᠨ ᠤ ᠦᠶ᠎ᠡ ᠪᠡᠷ ᠰᠤᠮᠤ ᠶᠢᠨ ᠵᠠᠭᠠᠨ ︽ᠲ︾ ᠢ ᠳᠠᠪᠠᠭᠠᠳ᠂ ᠲᠡᠭᠦᠨ ᠦ ᠲᠣᠯᠣᠭᠠᠢ᠂ ᠬᠦᠵᠦᠭᠦᠨ ᠳᠡᠭᠡᠷ᠎ᠡ ᠨᠢ ᠳᠠᠷᠤᠵᠤ ᠪᠣᠰᠤᠨ ᠂ ᠶᠣᠰᠣ ᠵᠦᠢ ᠵᠥᠷᠢᠴᠡᠭᠰᠡᠨ ᠦᠢᠯᠡᠳᠦᠯ ᠭᠠᠷᠭᠠᠭᠰᠠᠨ᠃
ᠡᠶᠢᠮᠦ ᠳᠦ ᠪᠠᠶᠠᠨᠵᠢᠷᠦᠬᠡ ᠳᠡᠭᠦᠷᠭᠡ ᠶᠢᠨ ᠴᠠᠭᠳᠠᠭ᠎ᠠ ᠶᠢᠨ ᠭᠠᠵᠠᠷ ᠠᠴᠠ ᠲᠡᠭᠦᠨ ᠢ ︽ᠵᠥᠷᠢᠴᠡᠯ ᠦᠨ ᠲᠤᠬᠠᠢ︾ ᠬᠠᠤᠯᠢ ᠶᠢᠨ 5.3 ᠳ᠋ᠤᠭᠠᠷ ᠵᠦᠢᠯ ᠦᠨ ᠨᠢᠭᠡᠳᠡᠬᠢ ᠬᠡᠰᠡᠭ ᠲᠦ ᠵᠢᠭᠠᠭᠰᠠᠨ ᠢᠶᠠᠷ 100 ᠨᠢᠭᠡᠴᠡ ᠲᠡᠢ ᠲᠡᠩᠴᠡᠬᠦ 100000 ᠲᠥᠭᠦᠷᠢᠭ ᠢᠶᠡᠷ ᠲᠤᠷᠭᠠᠬᠤ ᠰᠢᠢᠳᠭᠡᠯ ᠣᠨᠣᠭᠳᠠᠭᠤᠯᠤᠭᠰᠠᠨ ᠪᠠᠶᠢᠨ᠎ᠠ᠃