ᠤᠯᠤᠰ ᠤᠨ ᠶᠡᠬᠡ ᠬᠤᠷᠠᠯ ᠳ᠋ᠡᠬᠢ ᠠᠷᠠᠳᠴᠢᠯᠠᠭᠰᠠᠨ ᠨᠠᠮ ᠤᠨ ᠪᠦᠯᠦᠭ ᠦᠨ ᠭᠡᠰᠢᠭᠦᠳ ᠦᠨ ᠬᠦᠰᠡᠯᠲᠡ ᠪᠡᠷ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ ᠥᠨᠥᠳᠥᠷ ᠤᠯᠤᠰ ᠤᠨ ᠶᠡᠬᠡ ᠬᠤᠷᠠᠯ ᠤᠨ ᠭᠡᠰᠢᠭᠦᠨ ᠠ᠊ ∙ᠠᠳ᠋ᠢᠶᠠᠰᠦ᠋ᠷᠦᠩ᠂ ᠪ ∙ ᠪᠧᠢᠰᠧᠨ᠂ ᠼ∙ᠲᠤᠪᠠᠨ᠂ ᠮᠣᠩᠭᠣᠯ ᠤᠯᠤᠰ ᠤᠨ ᠶᠡᠷᠦᠩᠬᠡᠶᠢᠯᠡᠭᠴᠢ ᠠᠰᠠᠨ ᠬ∙ᠪᠠᠲᠤᠲᠤᠯᠭ᠎ᠠ᠂ ᠠᠷᠠᠳᠴᠢᠯᠠᠭᠰᠠᠨ ᠨᠠᠮ ᠤᠨ ᠳᠡᠳ᠋ ᠳᠠᠷᠤᠭ᠎ᠠ ᠫ∙ᠭᠠᠯᠢᠨᠳᠡᠪ ᠨᠠᠷ ᠢ ᠬᠦᠯᠢᠶᠡᠨ ᠠᠪᠴᠤ ᠠᠭᠤᠯᠵᠠᠪᠠ᠃
ᠠᠷᠠᠳᠴᠢᠯᠠᠭᠰᠠᠨ ᠨᠠᠮ ᠤᠨ ᠪᠦᠯᠦᠭ ᠦᠨ ᠭᠡᠰᠢᠭᠦᠳ ᠪᠣᠯᠤᠨ ᠠᠷᠠᠳᠴᠢᠯᠠᠭᠰᠠᠨ ᠨᠠᠮ ᠤᠨ ᠲᠥᠯᠥᠭᠡᠯᠡᠯ︽ᠬᠥᠷᠥᠩᠭᠡ ᠣᠷᠣᠭᠤᠯᠤᠯᠲᠠ ᠶᠢᠨ ᠲᠤᠬᠠᠢ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠦᠨ ᠲᠠᠯ᠎ᠠ ᠪᠠᠷ ᠪᠠᠶᠢᠷᠢ ᠰᠠᠭᠤᠷᠢ ᠪᠠᠨ ᠢᠯᠡᠷᠬᠡᠶᠢᠯᠡᠵᠦ᠂ ᠮᠣᠩᠭᠣᠯ ᠤᠨ ᠠᠷᠠᠳᠴᠢᠯᠠᠭᠰᠠᠨ ᠬᠣᠯᠪᠣᠭᠠᠨ ᠤ ᠱᠠᠭᠠᠷᠳᠠᠯᠭ᠎ᠠ ᠶᠢ ᠤᠯᠤᠰ ᠤᠨ ᠶᠡᠬᠡ ᠬᠤᠷᠠᠯ ᠤᠨ ᠳᠠᠷᠤᠭ᠎ᠠ ᠳᠤ ᠭᠠᠷᠳᠠᠭᠤᠯᠤᠯ᠎ᠠ᠃
ᠭ∙ᠽᠠᠨᠳᠠᠨᠰᠢᠲᠠᠷ᠎ᠠ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠵᠦ ᠡᠬᠢᠯᠡᠭᠡᠳ ᠪᠤᠢ︽ᠬᠥᠷᠥᠩᠭᠡ ᠣᠷᠣᠭᠤᠯᠤᠯᠲᠠ ᠶᠢᠨ ᠲᠤᠬᠠᠢ︾ᠬᠠᠤᠯᠢ ᠶᠢᠨ ᠰᠢᠨᠡᠴᠢᠯᠡᠭᠰᠡᠨ ᠨᠠᠶᠢᠷᠠᠭᠤᠯᠭ᠎ᠠ ᠶᠢᠨ ᠲᠥᠰᠥᠯ ᠦᠨ ᠲᠠᠯ᠎ᠠ ᠪᠠᠷ ᠬᠣᠯᠪᠣᠭᠳᠠᠬᠤ ᠲᠠᠶᠢᠯᠪᠤᠷᠢ ᠦᠭᠴᠦ᠂ ᠭᠠᠵᠠᠷ ᠪᠣᠯ ᠤᠯᠤᠰ ᠤᠨ ᠦᠨᠳᠦᠰᠦ ᠪᠣᠯᠬᠤ ᠶᠢ ᠲᠣᠳᠣᠳᠬᠠᠭᠠᠳ᠂ ᠭᠠᠵᠠᠷ ᠡᠵᠡᠮᠰᠢᠬᠦ ᠠᠰᠢᠭᠯᠠᠬᠤ ᠲᠠᠢ ᠬᠣᠯᠪᠣᠭ᠎ᠠ ᠲᠠᠢ ᠡᠷᠬᠡ ᠵᠦᠢ ᠶᠢᠨ ᠵᠣᠬᠢᠴᠠᠭᠤᠯᠤᠯᠲᠠ ᠶᠢ ᠠᠷᠠᠳ ᠢᠷᠭᠡᠳ᠂ ᠣᠯᠠᠨ ᠨᠡᠶᠢᠲᠡ ᠪᠡᠷ ᠰᠠᠶᠢᠲᠤᠷ ᠬᠡᠯᠡᠯᠴᠡᠭᠦᠯᠵᠦ ᠰᠢᠢᠳᠪᠦᠷᠢᠯᠡᠬᠦ ᠱᠠᠭᠠᠷᠳᠠᠯᠭ᠎ᠠ ᠲᠠᠢ ᠭᠡᠵᠦ ᠦᠵᠡᠵᠦ ᠪᠤᠢ ᠪᠠᠨ ᠢᠯᠡᠷᠬᠡᠶᠢᠯᠡᠯ᠎ᠡ᠃ ᠮᠥᠨ ᠲᠡᠳᠡᠨ ᠦ ᠱᠠᠭᠠᠷᠳᠠᠯᠭ᠎ᠠ ᠶᠢ ᠤᠯᠤᠰ ᠤᠨ ᠶᠡᠬᠡ ᠬᠤᠷᠠᠯ ᠳ᠋ᠡᠬᠢ ᠨᠠᠮ ᠤᠨ ᠪᠦᠯᠦᠭ ᠦᠳ ᠲᠦ ᠲᠠᠨᠢᠯᠴᠠᠭᠤᠯᠵᠤ᠂ ᠬᠣᠯᠪᠣᠭᠳᠠᠬᠤ ᠠᠷᠭ᠎ᠠ ᠬᠡᠮᠵᠢᠶ᠎ᠡ ᠠᠪᠤᠨ᠎ᠠ ᠭᠡᠯᠡ᠃