ᠪᠠᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠲᠤ ᠬᠢᠴᠢᠶᠡᠯ ᠦᠨ ᠤᠷᠤᠯᠳᠤᠭᠠᠨ ᠢ ᠺᠠᠮᠪᠷᠢᠵ ᠤᠨ ᠬᠥᠲᠥᠯᠪᠦᠷᠢ ᠲᠡᠢ ᠰᠤᠷᠭᠠᠭᠤᠯᠢ ᠨᠤᠭᠤᠳ ᠤᠨ ᠳᠤᠮᠳᠠ ᠵᠢᠯ ᠪᠦᠷᠢ ᠵᠣᠬᠢᠶᠠᠨ ᠪᠠᠶᠢᠭᠤᠯᠳᠠᠭ ᠃ ᠡᠨᠡ ᠬᠦ ᠲᠡᠮᠡᠴᠡᠭᠡᠨ ᠳᠦ 2023 ᠣᠨ ᠳᠤ 270 ᠪᠠᠭ ᠣᠷᠣᠯᠴᠠᠭᠰᠠᠨ ᠠᠴᠠ《ᠰᠢᠨ᠎ᠡ ᠦᠶ᠎ᠡ》ᠰᠤᠷᠭᠠᠭᠤᠯᠢ ᠶᠢᠨ ᠰ∙ᠲᠠᠮᠢᠷ᠂ ᠳ∙ᠴᠢᠩᠵᠣᠷᠢᠭ ᠪᠠᠭᠰᠢ ᠲᠠᠢ ᠶᠢᠰᠦᠳᠦᠭᠡᠷ ᠠᠩᠬᠢ ᠶᠢᠨ ᠰᠤᠷᠤᠭᠴᠢᠳ ᠤᠨ《ᠰᠡᠯᠪᠢ ᠭᠣᠣᠯ ᠤᠨ ᠤᠰᠤᠨ ᠤ ᠴᠢᠨᠠᠷ ᠢ ᠪᠢᠣᠯᠣᠭᠢ ᠶᠢᠨ ᠠᠷᠭ᠎ᠠ ᠪᠠᠷ ᠦᠨᠡᠯᠡᠬᠦ ᠨᠢ》︵Biological Assessment of Water Quality of the Selbe River in Ulaanbaatar᠂ Mongolia︶ᠰᠡᠳᠦᠪᠲᠦ ᠰᠤᠳᠤᠯᠭᠠᠨ ᠤ ᠪᠦᠲᠦᠭᠡᠯ ᠮᠣᠩᠭᠣᠯ ᠤᠯᠤᠰ ᠠᠴᠠ ᠠᠩᠬ᠎ᠠ ᠤᠳᠠᠭ᠎ᠠ ᠲᠡᠷᠢᠭᠦᠨ ᠪᠠᠶᠢᠷᠢ ᠡᠵᠡᠯᠡᠵᠡᠢ᠃
ᠲᠡᠳᠡ ᠵᠡᠭᠦᠨ ᠠᠽᠢᠶ᠎ᠠ ᠶᠢᠨ ᠰᠢᠯᠢᠳᠡᠭ︵The Best in East Asia November 2023 award︶ ᠱᠠᠩᠨᠠᠯ ᠤᠨ ᠡᠵᠡᠳ ᠪᠣᠯᠤᠭᠰᠠᠨ ᠲᠡᠳᠦᠢ ᠦᠭᠡᠢ ᠳᠡᠯᠡᠬᠡᠢ ᠶᠢᠨ ᠰᠢᠯᠢᠳᠡᠭ︵The Best in World November 2023 award︶ ᠢᠶᠡᠷ ᠰᠢᠯᠭᠠᠷᠠᠭᠰᠠᠨ ᠪᠠᠶᠢᠨ᠎ᠠ᠃