︽ᠴᠢᠩᠭᠢᠰ ᠬᠠᠭᠠᠨ︾ᠦᠨᠳᠦᠰᠦᠨ ᠦ ᠮᠦᠽᠧᠢ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ ᠪᠣᠯᠤᠨ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠭᠤᠨᠵᠦ ᠶᠢᠨ ᠦᠨᠳᠦᠰᠦᠨ ᠦ ᠶᠡᠬᠡ ᠰᠤᠷᠭᠠᠭᠤᠯᠢ ᠬᠠᠮᠲᠤᠷᠠᠨ《ᠰᠤᠶᠤᠯ ᠤᠨ ᠥᠪ ᠦᠨ ᠬᠠᠳᠠᠭᠠᠯᠠᠯᠲᠠ᠂ ᠬᠠᠮᠠᠭᠠᠯᠠᠯᠲᠠ ᠶᠢᠨ ᠮᠡᠷᠭᠡᠵᠢᠯᠲᠡᠨ ᠦ ᠴᠢᠳᠠᠪᠬᠢ ᠶᠢ ᠪᠡᠬᠢᠵᠢᠭᠦᠯᠬᠦ ᠰᠤᠷᠭᠠᠯᠲᠠ》ᠵᠣᠬᠢᠶᠠᠨ ᠪᠠᠶᠢᠭᠤᠯᠵᠤ᠂ ᠪᠦᠭᠦᠳᠡ ᠨᠠᠢᠷᠠᠮᠳᠠᠬᠤ ᠰᠤᠯᠤᠩᠭᠤᠰ ᠤᠯᠤᠰ ᠤᠨ ᠦᠨᠳᠦᠰᠦᠨ ᠦ ᠮᠦᠽᠧᠢ ᠶᠢᠨ ᠬᠠᠳᠠᠭᠠᠯᠠᠯᠲᠠ ᠬᠠᠮᠠᠭᠠᠯᠠᠯᠲᠠ ᠬᠠᠷᠢᠭᠤᠴᠠᠭᠰᠠᠨ ᠮᠡᠷᠭᠡᠵᠢᠯᠲᠡᠳ ᠣᠷᠣᠨ ᠨᠤᠲᠤᠭ ᠪᠣᠯᠤᠨ ᠤᠯᠠᠭᠠᠨᠪᠠᠭᠠᠲᠤᠷ ᠬᠣᠲᠠ ᠶᠢᠨ 8 ᠪᠠᠶᠢᠭᠤᠯᠤᠯᠭ᠎ᠠ ᠶᠢᠨ 28 ᠮᠡᠷᠭᠡᠵᠢᠯᠲᠡᠨ ᠢ ᠰᠤᠷᠭᠠᠵᠤ ᠪᠠᠶᠢᠨ᠎ᠠ᠃
ᠰᠤᠷᠭᠠᠯᠲᠠ ᠪᠠᠷ ᠣᠷᠴᠢᠨ ᠦᠶ᠎ᠡ ᠶᠢᠨ ᠠᠷᠭ᠎ᠠ ᠲᠧᠭᠨᠣᠯᠣᠭᠢ ᠶᠢ ᠠᠰᠢᠭᠯᠠᠨ ᠦᠵᠡᠮᠦᠷᠢ ᠰᠠᠪᠠ ᠪᠠᠭᠯᠠᠭ᠎ᠠ᠂ ᠪᠣᠭᠣᠳᠠᠯ ᠬᠢᠬᠦ᠂ ᠰᠢᠪᠠᠷ ᠪᠣᠯᠤᠨ ᠺᠧᠷᠠᠮᠢᠺ ᠡᠳ᠋ᠯᠡᠯ ᠢ ᠴᠡᠪᠡᠷᠯᠡᠬᠦ᠂ ᠨᠥᠬᠥᠬᠥ᠂ ᠰᠡᠷᠭᠦᠭᠡᠨ ᠵᠠᠰᠠᠪᠤᠷᠢᠯᠠᠬᠤ ᠠᠷᠭᠠᠴᠢᠯᠠᠯ ᠢ ᠣᠨᠣᠯ ᠳᠠᠳᠤᠯᠭ᠎ᠠ ᠬᠣᠣᠰᠯᠠᠭᠤᠯᠤᠨ ᠣᠯᠠᠨ ᠲᠠᠯᠠᠲᠤ ᠰᠠᠭᠤᠷᠢ ᠰᠤᠳᠤᠯᠭᠠᠨ ᠤ ᠠᠷᠭ᠎ᠠ ᠵᠦᠢ ᠶᠢ ᠨᠤᠲᠤᠭᠰᠢᠭᠤᠯᠵᠤ᠂ ᠰᠤᠶᠤᠯ ᠤᠨ ᠰᠠᠯᠪᠤᠷᠢ ᠳᠤ ᠬᠡᠷᠬᠢᠨ ᠠᠰᠢᠭᠯᠠᠵᠤ ᠪᠣᠯᠬᠤ ᠲᠠᠯ᠎ᠠ ᠪᠠᠷ ᠣᠨᠣᠯ ᠳᠠᠳᠤᠯᠭ᠎ᠠ ᠬᠣᠣᠰᠯᠠᠭᠤᠯᠤᠨ ᠰᠤᠷᠤᠯᠴᠠᠵᠤ ᠪᠠᠶᠢᠨ᠎ᠠ᠃