ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠳᠡᠯᠡᠬᠡᠢ ᠶᠢᠨ ᠭᠦᠶᠦᠯᠲᠡ ᠶᠢᠨ ᠷᠧᠺᠣᠷᠳ᠋ ᠡᠵᠡᠮᠰᠢᠭᠴᠢ ᠼ ∙ ᠷᠠᠳᠨ᠎ᠠ ᠶᠢ ᠬᠦᠯᠢᠶᠡᠨ ᠠᠪᠴᠤ ᠬᠦᠨᠳᠦᠳᠬᠡᠯ ᠦᠵᠡᠭᠦᠯᠦᠯ᠎ᠡ᠃ ᠼ∙ᠷᠠᠳᠨ᠎ᠠ ᠭᠤᠸᠠᠢ 1962 ᠣᠨ ᠳᠤ ᠪᠡᠶ᠎ᠡ ᠶᠢᠨ ᠲᠠᠮᠢᠷ ᠤᠨ ᠳᠡᠭᠡᠳᠦ ᠰᠤᠷᠭᠠᠭᠤᠯᠢ ᠳᠤ ᠣᠷᠣᠭᠰᠠᠨ ᠠᠴᠠ ᠬᠣᠶᠢᠰᠢ ᠰᠫᠣᠷᠲ ᠲᠠᠢ ᠠᠮᠢᠳᠤᠷᠠᠯ ᠢᠶᠠᠨ ᠬᠣᠯᠪᠣᠵᠤ᠂ ᠤᠷᠤᠯᠳᠤᠭᠠᠨ᠂ ᠲᠡᠮᠡᠴᠡᠭᠡᠨ ᠳᠦ ᠣᠷᠣᠯᠴᠠᠵᠤ ᠪᠠᠢᠪᠠ᠃ 2019 ᠣᠨ ᠳᠤ 85 ᠨᠠᠰᠤᠲᠠᠢ ᠳᠤ ᠪᠠᠨ ᠪᠦᠭᠦᠳᠡ ᠨᠠᠶᠢᠷᠠᠮᠳᠠᠬᠤ ᠫᠤᠯᠠᠨᠳ᠋ ᠤᠯᠤᠰ ᠲᠤ ᠪᠣᠯᠤᠭᠰᠠᠨ ᠬᠥᠩᠭᠡᠨ ᠠᠲᠯᠧᠲ᠋ᠢᠺ ᠤᠨ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠭᠤᠷᠪᠠᠨ ᠠᠯᠲᠠᠨ ᠮᠧᠳᠠᠯ ᠬᠦᠷᠲᠡᠵᠦ᠂ ᠨᠢᠭᠡ ᠳᠡᠭᠡᠳᠦ ᠠᠮᠵᠢᠯᠲᠠ ᠲᠣᠭᠲᠠᠭᠠᠭᠰᠠᠨ ᠠᠩᠬᠠᠨ ᠤ ᠮᠣᠩᠭᠣᠯ ᠬᠦᠮᠦᠨ ᠶᠤᠮ᠃
ᠲᠡᠭᠦᠨ ᠡᠴᠡ ᠬᠣᠶᠢᠰᠢ ᠠᠽᠢᠶ᠎ᠠ ᠲᠢᠪ ᠦᠨ ᠬᠡᠮᠵᠢᠶᠡᠨ ᠳᠦ ᠵᠣᠬᠢᠶᠠᠭᠳᠠᠭᠰᠠᠨ ᠬᠥᠩᠭᠡᠨ ᠠᠲᠯᠧᠲ᠋ᠢᠺ ᠤᠨ ᠠᠪᠤᠷᠭᠤ ᠰᠢᠯᠭᠠᠷᠠᠭᠤᠯᠬᠤ ᠪᠣᠯᠤᠨ ᠮᠠᠰᠲ᠋ᠸᠷ ᠤᠳ ᠤᠨ ᠲᠡᠮᠡᠴᠡᠭᠡᠨ ᠳᠦ ᠤᠳᠠᠭ᠎ᠠ ᠳᠠᠷᠠᠭ᠎ᠠ ᠣᠷᠣᠯᠴᠠᠵᠤ᠂ ᠨᠡᠶᠢᠲᠡ 17 ᠳᠡᠭᠡᠳᠦ ᠠᠮᠵᠢᠯᠲᠠ ᠶᠢᠨ ᠡᠵᠡᠨ ᠪᠣᠯᠵᠠᠢ᠃ ᠥᠨᠳᠥᠷ ᠨᠠᠰᠤᠲᠠᠢ ᠬᠡᠳᠦᠢ ᠴᠤ ᠪᠡᠶ᠎ᠡ ᠶᠢᠨ ᠲᠠᠮᠢᠷ᠂ ᠰᠫᠣᠷᠲ ᠢᠶᠠᠷ ᠲᠣᠭᠲᠠᠮᠠᠯ ᠬᠢᠴᠢᠶᠡᠯᠯᠡᠨ᠂ ᠳᠡᠯᠡᠬᠡᠢ ᠳᠦ ᠡᠬᠡ ᠣᠷᠣᠨ ᠤ ᠪᠠᠨ ᠨᠡᠷ᠎ᠡ ᠶᠢ ᠭᠠᠷᠭᠠᠵᠤ᠂ ᠬᠡᠦᠬᠡᠳ᠂ ᠵᠠᠯᠠᠭᠤᠰ ᠲᠤ ᠦᠯᠢᠭᠡᠷ ᠳᠠᠭᠤᠷᠢᠶᠠᠯ ᠦᠵᠡᠭᠦᠯᠵᠦ ᠪᠠᠢᠭ᠎ᠠ ᠳᠤ ᠨᠢ ᠶᠡᠷᠦᠩᠬᠡᠶᠢᠯᠡᠭᠴᠢ ᠲᠠᠯᠠᠷᠬᠠᠯ ᠢᠯᠡᠷᠬᠡᠶᠢᠯᠡᠵᠦ᠂ ᠠᠮᠵᠢᠯᠲᠠ ᠬᠦᠰᠡᠯ᠎ᠡ᠃
ᠡᠳᠦᠭᠡ 90 ᠨᠠᠰᠤ ᠰᠡᠭᠦᠳᠡᠷ ᠵᠣᠭᠣᠭᠯᠠᠭᠰᠠᠨ ᠼ ∙ ᠷᠠᠳᠨ᠎ᠠ ᠭᠤᠸᠠᠢ ᠢᠷᠡᠬᠦ ᠨᠠᠢ᠌ᠮᠠᠳᠤᠭᠠᠷ ᠰᠠᠷ᠎ᠠ ᠳᠤ ᠰᠧᠸ᠋ᠳ᠋ᠸᠨ ᠬᠠᠭᠠᠨᠲᠤ ᠤᠯᠤᠰ ᠲᠤ ᠪᠣᠯᠬᠤ ᠳᠡᠯᠡᠬᠡᠢ ᠶᠢᠨ ᠠᠪᠤᠷᠭᠤ ᠰᠢᠯᠭᠠᠷᠠᠭᠤᠯᠬᠤ ᠲᠡᠮᠡᠴᠡᠭᠡᠨ ᠳᠦ ᠠᠮᠵᠢᠯᠲᠠ ᠭᠠᠷᠭᠠᠵᠤ᠂ ᠳᠠᠬᠢᠨ ᠷᠧᠺᠣᠷᠳ᠋ ᠲᠣᠭᠲᠠᠭᠠᠬᠤ ᠪᠠᠷ ᠪᠡᠯᠡᠳᠬᠡᠯ ᠢᠶᠡᠨ ᠪᠠᠵᠠᠭᠠᠵᠤ ᠪᠠᠶᠢᠨ᠎ᠠ᠃