ᠬᠠᠷᠠᠮᠦ᠋ᠷᠡᠨ ᠮᠤᠵᠢ ᠶᠢᠨ ᠲᠥᠯᠥᠭᠡᠯᠡᠭᠴᠢᠳ ᠵᠣᠴᠢᠯᠠᠯ᠎ᠠ | News.MN

ᠬᠠᠷᠠᠮᠦ᠋ᠷᠡᠨ ᠮᠤᠵᠢ ᠶᠢᠨ ᠲᠥᠯᠥᠭᠡᠯᠡᠭᠴᠢᠳ ᠵᠣᠴᠢᠯᠠᠯ᠎ᠠ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠠᠷᠠᠮᠦ᠋ᠷᠡᠨ ᠮᠤᠵᠢ ᠶᠢᠨ ᠬᠠᠷᠪᠢᠨ ᠬᠣᠲᠠ ᠶᠢᠨ ᠲᠥᠯᠥᠭᠡᠯᠡᠭᠴᠢᠳ ᠡᠨᠡ ᠰᠠᠷ᠎ᠠ ᠶᠢᠨ 10  ᠳᠤ ᠰᠡᠯᠡᠩᠭᠡ ᠠᠶᠢᠮᠠᠭ ᠲᠤ ᠠᠯᠪᠠᠨ ᠠᠶᠢᠯᠴᠢᠯᠠᠯ ᠬᠢᠵᠦ᠂ ᠠᠶᠢᠮᠠᠭ ᠤᠨ ᠤᠳᠤᠷᠢᠳᠤᠯᠭ᠎ᠠ ᠨᠠᠷ ᠲᠡᠳᠡᠨ ᠢ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠶᠢᠨ ᠬᠦᠷᠢᠶᠡᠨ ᠳᠦ ᠰᠡᠯᠡᠩᠭᠡ ᠠᠶᠢᠮᠠᠭ᠂ ᠬᠠᠷᠠᠮᠦ᠋ᠷᠡᠨ  ᠮᠤᠵᠢ ᠬᠣᠭᠣᠷᠣᠨᠳᠣ ᠬᠠᠮᠲᠤ ᠶᠢᠨ ᠠᠵᠢᠯᠯᠠᠭᠠᠨ ᠤ ᠰᠠᠨᠠᠮᠵᠢ ᠪᠢᠴᠢᠭ ᠪᠠᠶᠢᠭᠤᠯᠤᠯ᠎ᠠ᠃ ᠠᠶᠢᠮᠠᠭ ᠤᠨ ᠵᠠᠰᠠᠭ ᠳᠠᠷᠤᠭ᠎ᠠ ᠨ∙ᠯᠾᠬᠠᠪᠠᠳᠤᠷᠵᠢ ᠵᠣᠴᠢᠳ ᠲᠥᠯᠥᠭᠡᠯᠡᠭᠴᠢᠳ ᠢ ᠬᠦᠯᠢᠶᠡᠨ ᠠᠪᠴᠤ ᠠᠭᠤᠯᠵᠠᠬᠤ ᠦᠶ᠎ᠡ ᠪᠡᠷ ᠢᠶᠡᠨ ᠡᠷᠡᠭᠦᠯ ᠮᠡᠨᠳᠦ᠂ ᠪᠣᠯᠪᠠᠰᠤᠷᠠᠯ᠂ ᠬᠥᠳᠡᠭᠡ ᠠᠵᠤ ᠠᠬᠤᠢ ᠭᠡᠳ ᠰᠠᠯᠪᠤᠷᠢ ᠪᠦᠷᠢ ᠳᠦ ᠣᠯᠠᠨ ᠰᠢᠯᠢᠳᠡᠭ ᠮᠡᠷᠭᠡᠵᠢᠯᠲᠡᠨ ᠢ ᠪᠡᠯᠡᠳᠬᠡᠵᠦ ᠬᠠᠮᠲᠤᠷᠠᠨ ᠠᠵᠢᠯᠯᠠᠬᠤ ᠬᠦᠰᠡᠯᠲᠡ ᠶᠢ ᠢᠯᠡᠷᠬᠡᠶᠢᠯᠡᠯ᠎ᠡ᠃

ᠬᠠᠷᠠᠮᠦ᠋ᠷᠡᠨ ᠮᠤᠵᠢ ᠶᠢᠨ ᠲᠥᠯᠥᠭᠡᠯᠡᠭᠴᠢᠳ ᠠᠶᠢᠮᠠᠭ ᠤᠨ ᠵᠠᠰᠠᠭ ᠳᠠᠷᠤᠭ᠎ᠠ ᠶᠢᠨ ᠰᠠᠨᠠᠯ ᠢ ᠬᠠᠮᠲᠤᠷᠠᠨ ᠬᠡᠷᠡᠭᠵᠢᠭᠦᠯᠬᠦ ᠳᠦ ᠪᠣᠯᠤᠮᠵᠢ ᠲᠠᠢ ᠭᠡᠳᠡᠭ ᠢᠶᠡᠨ ᠢᠯᠡᠷᠬᠡᠶᠢᠯᠡᠪᠡ᠃

 

ᠰᠡᠳᠬᠢᠭᠳᠡᠯ ᠦᠯᠡᠳᠡᠭᠡᠬᠦ