ᠮᠤᠩᠭᠤᠯ᠂ ᠠᠮᠧᠷᠢᠺᠠ ᠶᠢᠨ ᠨᠢᠰᠬᠦ ᠶᠢᠨ ᠰᠠᠯᠪᠤᠷᠢ ᠶᠢᠨ ᠬᠢᠨ ᠭᠠᠷ ᠤᠨ ᠦᠰᠦᠭ ᠵᠢᠷᠤᠪᠠ | News.MN

ᠮᠤᠩᠭᠤᠯ᠂ ᠠᠮᠧᠷᠢᠺᠠ ᠶᠢᠨ ᠨᠢᠰᠬᠦ ᠶᠢᠨ ᠰᠠᠯᠪᠤᠷᠢ ᠶᠢᠨ ᠬᠢᠨ ᠭᠠᠷ ᠤᠨ ᠦᠰᠦᠭ ᠵᠢᠷᠤᠪᠠ

ᠠᠮ ᠲᠡᠭᠡᠭᠡᠪᠦᠷᠢ ᠶᠢᠨ ᠶᠠᠮᠤᠨ ᠤ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠰ ∙ ᠪᠠᠲᠤᠪᠤᠯᠤᠳ᠂ ᠠᠮᠧᠷᠢᠺᠠ ᠶᠢᠨ ᠨᠢᠭᠡᠳᠦᠭᠰᠡᠨ ᠤᠯᠤᠰ ᠤᠨ ᠲᠡᠭᠡᠭᠡᠪᠦᠷᠢ ᠶᠢᠨ ᠠᠶᠤᠯᠭᠦᠢ ᠪᠠᠶᠢᠳᠠᠯ ᠤᠨ ᠠᠭᠧᠨᠲᠯᠢᠭ ᠤᠨ ᠣᠷᠣᠯᠠᠭᠴᠢ ᠳᠠᠷᠤᠭ᠎ᠠ Holly E.Canevari ᠬᠠᠮᠲᠤᠷᠠᠭᠰᠠᠨ ᠡᠷᠡᠮᠡᠯᠵᠡᠯ ᠦᠨ ᠪᠢᠴᠢᠭ ᠲᠦ ᠭᠠᠷ ᠤᠨ ᠦᠰᠦᠭ ᠵᠢᠷᠤᠪᠠ᠃

ᠡᠨᠡ ᠬᠦ ᠪᠢᠴᠢᠭ ᠨᠢ ᠮᠣᠩᠭᠣᠯ ᠤᠯᠤᠰ ᠤᠨ ᠢᠷᠭᠡᠨ ᠦ ᠨᠢᠰᠬᠦ ᠶᠢᠨ ᠠᠶᠤᠯᠭᠦᠢ ᠪᠠᠶᠢᠳᠠᠯ ᠢ ᠰᠠᠶᠢᠵᠢᠷᠠᠭᠤᠯᠬᠤ᠂ ᠪᠣᠯᠪᠠᠰᠤᠨ ᠬᠦᠴᠦᠨ ᠦ ᠮᠡᠳᠡᠯᠭᠡ ᠤᠷ᠎ᠠ ᠴᠢᠳᠠᠪᠤᠷᠢ ᠶᠢ ᠨᠡᠮᠡᠬᠦ᠂ ᠲᠡᠭᠦᠨᠴᠢᠯᠡᠨ ᠠᠮᠧᠷᠢᠺᠠ ᠤᠷᠤᠭᠤ ᠰᠢᠭᠤᠳ ᠨᠢᠰᠦᠯᠭᠡ ᠡᠬᠢᠯᠡᠭᠦᠯᠬᠦ ᠵᠣᠷᠢᠯᠭ᠎ᠠ ᠲᠠᠢ ᠶᠤᠮ᠃  ᠬᠤᠶᠠᠷ ᠲᠠᠯ᠎ᠠ ᠪᠣᠭᠣᠨᠢ ᠬᠤᠭᠤᠴᠠᠭᠠᠨ ᠳᠤ ᠰᠢᠭᠤᠳ ᠨᠢᠰᠦᠯᠭᠡ ᠶᠢ ᠡᠬᠢᠯᠡᠭᠦᠯᠬᠦ ᠶᠢᠨ ᠲᠤᠯᠠᠳᠠ ᠱᠠᠭᠠᠷᠳᠠᠯᠭ᠎ᠠ ᠲᠠᠢ ᠪᠡᠯᠡᠳᠬᠡᠯ ᠬᠠᠩᠭᠠᠬᠤ ᠳᠤ᠂ ᠴᠢᠨᠠᠭᠰᠢᠳᠠ ᠣᠯᠠᠨ ᠤᠯᠤᠰ ᠤᠨ ᠨᠢᠰᠦᠯᠭᠡ ᠶᠢᠨ ᠠᠶᠤᠯᠭᠦᠢ ᠪᠠᠶᠢᠳᠠᠯ ᠢ ᠬᠠᠩᠭᠠᠬᠤ ᠴᠢᠭᠯᠡᠯ ᠢᠶᠡᠷ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠶᠤᠮ᠃

ᠰᠡᠳᠬᠢᠭᠳᠡᠯ ᠦᠯᠡᠳᠡᠭᠡᠬᠦ