《ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠤᠨ ᠨᠢᠭᠡᠳᠦᠭᠰᠡᠨ ᠴᠢᠭᠤᠯᠭ᠎ᠠ ᠠᠭᠤᠯᠵᠠᠯᠲᠠ》ᠢᠷᠡᠬᠦ ᠳᠤᠯᠤᠭᠠᠨ ᠬᠣᠨᠣᠭ ᠲᠤ ᠤᠯᠠᠭᠠᠨᠪᠠᠭᠠᠲᠤᠷ ᠬᠤᠲᠠᠨ᠎ᠠ ᠪᠣᠯᠬᠤ ᠭᠡᠵᠦ ᠪᠠᠶᠢᠨ᠎ᠠ᠃ ᠴᠢᠭᠤᠯᠭ᠎ᠠ ᠠᠭᠤᠯᠵᠠᠯᠲᠠ ᠶᠢ ᠭᠠᠳᠠᠭᠠᠳᠤ ᠬᠠᠷᠢᠯᠴᠠᠭᠠᠨ ᠤ ᠶᠠᠮᠤᠨ᠂《ᠬᠢᠯᠢ ᠶᠢᠨ ᠴᠢᠨᠠᠳᠤ ᠳ᠋ᠡᠬᠢ ᠮᠣᠩᠭᠣᠯᠴᠤᠳ ᠤᠨ ᠵᠥᠪᠯᠡᠯ》ᠲᠥᠷᠥ ᠶᠢᠨ ᠪᠤᠰᠤ ᠪᠠᠶᠢᠭᠤᠯᠤᠯᠭ᠎ᠠ ᠬᠠᠮᠲᠤᠷᠠᠨ ᠵᠣᠬᠢᠶᠠᠨ ᠪᠠᠶᠢᠭᠤᠯᠵᠤ ᠢᠷᠡᠭᠰᠡᠨ ᠶᠤᠮ᠃
ᠡᠨᠡ ᠤᠳᠠᠭ᠎ᠠ ᠶᠢᠨ ᠠᠭᠤᠯᠵᠠᠯᠲᠠ ᠪᠠᠷ ᠭᠠᠳᠠᠭᠠᠳᠤ ᠳ᠋ᠡᠬᠢ ᠮᠣᠩᠭᠣᠯᠴᠤᠳ ᠤᠨ ᠭᠡᠷ ᠪᠦᠯᠢ᠂ ᠵᠠᠯᠠᠭᠤᠴᠤᠳ ᠤᠨ ᠨᠡᠶᠢᠭᠡᠮ ᠤᠨ ᠠᠰᠠᠭᠤᠳᠠᠯ᠂ ᠮᠣᠩᠭᠣᠯ ᠪᠠᠬᠠᠷᠬᠠᠯ᠂ ᠥᠪ ᠰᠤᠶᠤᠯ᠂ ᠡᠬᠡ ᠣᠷᠣᠨ ᠢᠶᠠᠨ ᠰᠤᠷᠲᠠᠯᠴᠢᠯᠠᠬᠤ᠂ ᠡᠬᠡ ᠬᠡᠯᠡ᠂ ᠲᠡᠦᠬᠡ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠲᠧᠭᠨᠣᠯᠣᠭᠢ᠂ᠢᠨᠨᠤᠸᠠᠼ ᠤᠨ ᠲᠠᠯ᠎ᠠ ᠪᠠᠷ ᠬᠡᠯᠡᠯᠴᠡᠵᠦ᠂ ᠨᠢᠭᠡᠳᠦᠭᠰᠡᠨ ᠵᠥᠪᠯᠡᠮᠵᠢ ᠭᠠᠷᠭᠠᠬᠤ ᠪᠠᠷ ᠪᠣᠯᠵᠠᠢ᠃