ᠨᠡᠶᠢᠰᠯᠡᠯ ᠦᠨ ᠵᠠᠰᠠᠭ ᠳᠠᠷᠤᠭ᠎ᠠ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠫ ∙ ᠬᠠᠳᠠᠪᠠᠭᠠᠲᠤᠷ ᠠᠽᠢᠶ᠎ᠠ ᠶᠢᠨ ᠰᠠᠩ ᠤᠨ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠰᠠᠷ᠎ᠠ ᠲᠡᠶᠢᠯᠣᠷᠲ ᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠶᠢᠨ ᠡᠬᠢᠨ ᠳᠦ ᠠᠽᠢᠶ᠎ᠠ ᠶᠢᠨ ᠰᠠᠩ ᠤᠨ ᠮᠣᠩᠭᠣᠯ ᠳ᠋ᠡᠬᠢ ᠰᠠᠭᠤᠷᠢᠨ ᠲᠥᠯᠥᠭᠡᠯᠡᠭᠴᠢ ᠰᠠᠷ᠎ᠠ ᠲᠡᠶᠢᠯᠣᠷᠲ᠄ ᠤᠯᠠᠭᠠᠨᠪᠠᠭᠠᠲᠤᠷ ᠬᠤᠲᠠ ᠳᠤ ᠤᠰᠤ ᠬᠠᠩᠭᠠᠮᠵᠢ᠂ ᠠᠷᠢᠭᠤᠳᠬᠠᠬᠤ ᠲᠠᠲᠠᠭᠤᠷᠭ᠎ᠠ ᠶᠢᠨ ᠦᠢᠯᠡᠴᠢᠯᠡᠭᠡ ᠦᠵᠡᠭᠦᠯᠦᠭᠴᠢ ᠪᠠᠶᠢᠭᠤᠯᠤᠯᠭ᠎ᠠ ᠶᠢᠨ ᠦᠢᠯᠡᠴᠢᠯᠡᠭᠡᠨ ᠦ ᠴᠢᠨᠠᠷ ᠢ ᠰᠠᠶᠢᠵᠢᠷᠠᠭᠤᠯᠬᠤ ᠪᠠᠷ ᠮᠢᠩᠭᠠᠨ ᠤ ᠰᠣᠷᠢᠯᠲᠠ ᠶᠢᠨ ᠰᠠᠩ ᠳᠤ ᠲᠥᠰᠥᠯ ᠦᠨ ᠤᠳᠤᠷᠢᠳᠤᠯᠭ᠎ᠠ ᠶᠢᠨ ᠳᠡᠮᠵᠢᠯᠭᠡ ᠦᠵᠡᠭᠦᠯᠬᠦ ᠪᠣᠯᠤᠭᠰᠠᠨ᠃ ᠡᠨᠡ ᠲᠥᠰᠥᠯ ᠢ ᠬᠡᠷᠡᠭᠵᠢᠭᠦᠯᠪᠡᠯ ᠨᠡᠶᠢᠰᠯᠡᠯ ᠦᠨ ᠠᠶᠢᠯ ᠡᠷᠦᠬᠡ ᠤᠰᠤᠨ ᠤ ᠲᠣᠭᠠᠯᠠᠭᠤᠷ ᠢᠶᠠᠨ ᠢᠯᠡᠭᠡᠬᠦ᠂ ᠮᠥᠨ ᠲᠥᠯᠥᠪᠦᠷᠢ ᠲᠣᠭᠠᠴᠠᠭ᠎ᠠ ᠪᠠᠨ ᠴᠠᠭ ᠲᠤᠬᠠᠢ ᠳᠤ ᠨᠢ ᠤᠲᠠᠰᠤᠨ ᠤ APP ᠢᠶᠡᠷ ᠦᠭᠬᠦ ᠪᠣᠯᠤᠮᠵᠢ ᠪᠥᠷᠢᠳᠬᠦ ᠶᠤᠮ᠃ ᠮᠥᠨ ᠤᠮᠳᠠᠨ ᠤ ᠤᠰᠤᠨ ᠤ ᠵᠢᠪᠡ ᠶᠢᠨ ᠰᠤᠳᠤᠯᠭ᠎ᠠ ᠬᠢᠭᠰᠡᠨ᠃ ᠠᠬᠤᠢ ᠶᠢᠨ ᠤᠰᠤᠨ ᠤ ᠵᠢᠪᠡ ᠶᠢ ᠪᠠᠭᠤᠷᠠᠭᠤᠯᠬᠤ ᠲᠥᠯᠥᠪᠯᠡᠭᠡ ᠪᠣᠯᠪᠠᠰᠤᠷᠠᠭᠤᠯᠵᠤ ᠪᠠᠶᠢᠨ᠎ᠠ ᠭᠡᠵᠡᠢ᠃