ᠦᠯᠭᠡ ᠭᠦᠷᠪᠡᠯ ᠦᠨ ᠥᠯᠥᠭᠡᠢ ᠨᠤᠲᠤᠭ ᠡᠮᠦᠨᠡᠭᠣᠪᠢ ᠠᠶᠢᠮᠠᠭ ᠤᠨ ᠭᠣᠪᠢ ᠶᠢᠨ ᠪᠠᠶᠢᠭᠠᠯᠢ ᠲᠡᠦᠬᠡ ᠶᠢᠨ ᠮᠦᠽᠧᠢ ᠶᠢᠨ ᠦᠵᠡᠰᠬᠦᠯᠡᠩ ᠦᠨ ᠲᠠᠩᠬᠢᠮ ᠳᠤ《Welcome home-3》ᠲᠦᠷ ᠦᠵᠡᠰᠬᠦᠯᠡᠩ ᠢ ᠨᠠᠢ᠌ᠮᠠᠳᠤᠭᠠᠷ ᠰᠠᠷ᠎ᠠ ᠶᠢᠨ 25 ᠠᠴᠠ ᠶᠢᠰᠦᠳᠦᠭᠡᠷ ᠰᠠᠷ᠎ᠠ ᠶᠢᠨ 16 ᠤ ᠡᠳᠦᠷ ᠢ ᠳᠠᠭᠤᠰᠲᠠᠯ᠎ᠠ ᠳᠡᠯᠭᠡᠨ᠎ᠡ᠃
ᠮᠣᠩᠭᠣᠯ ᠠᠴᠠ ᠭᠠᠷᠤᠯ ᠲᠠᠢ ᠦᠯᠭᠡ ᠭᠦᠷᠪᠡᠯ ᠦᠨ ᠣᠯᠳᠠᠪᠤᠷᠢ ᠨᠤᠭᠤᠳ ᠢ 2013 ᠣᠨ ᠠᠴᠠ ᠡᠬᠢᠯᠡᠨ ᠡᠬᠡ ᠣᠷᠣᠨ ᠳᠤ ᠪᠠᠨ ᠠᠪᠴᠢᠷᠠᠵᠤ᠂ ᠣᠳᠣ ᠪᠠᠷ ᠲᠠᠪᠤᠳᠠᠬᠢ ᠤᠳᠠᠭ᠎ᠠ ᠪᠠᠨ ᠲᠠᠲᠠᠨ ᠠᠪᠤᠭᠠᠳ ᠪᠠᠶᠢᠨ᠎ᠠ᠃ ᠦᠵᠡᠰᠬᠦᠯᠡᠩ ᠳᠦ ᠲᠠᠷᠸᠦᠽᠠᠸᠷ ᠪᠠᠭᠠᠲᠤᠷ᠂ ᠫᠷᠣᠲ᠋ᠣᠼᠧᠷᠠᠲ᠋ᠣᠫᠰ ᠲᠡᠷᠢᠭᠦᠲᠡᠢ 4 ᠲᠥᠷᠥᠯ ᠦᠨ 11 ᠰᠢᠷᠬᠡᠭ ᠦᠯᠭᠡ ᠭᠦᠷᠪᠡᠯ ᠦᠨ ᠭᠠᠪᠠᠯᠠ ᠶᠢᠨ ᠶᠠᠰᠤᠨ ᠤ ᠣᠯᠳᠠᠪᠤᠷᠢ ᠨᠤᠭᠤᠳ ᠢ ᠳᠢᠭᠯᠡᠭᠰᠡᠨ ᠶᠤᠮ᠃