《ᠳᠤᠮᠳᠠᠭᠤᠪᠢ ᠠᠶᠢᠮᠠᠭ ᠤᠨ ᠥᠯᠵᠡᠶᠢᠲᠦ ᠰᠤᠮᠤ ᠶᠢᠨ ᠨᠢᠭᠡᠨ ᠵᠠᠭᠤᠨ ᠤ ᠲᠡᠦᠬᠡᠨ ᠥᠪ ᠪᠠ ᠰᠢᠨ᠎ᠡ ᠵᠠᠭᠤᠨ ᠤ ᠬᠥᠭᠵᠢᠯ ᠦᠨ ᠭᠠᠷᠤᠭ᠎ᠠ》 ᠡᠷᠳᠡᠮ ᠰᠢᠨᠵᠢᠯᠡᠭᠡᠨ ᠦ ᠬᠤᠷᠠᠯ ᠵᠣᠬᠢᠶᠠᠨ ᠪᠠᠶᠢᠭᠤᠯᠤᠯ᠎ᠠ᠃ ᠡᠨᠡ ᠨᠢ ᠲᠤᠰ ᠠᠶᠢᠮᠠᠭ ᠤᠨ ᠲᠡᠦᠬᠡᠨ ᠳᠦ ᠠᠩᠬᠠᠨ ᠤ ᠲᠣᠬᠢᠶᠠᠯᠳᠤᠯ ᠪᠣᠯᠤᠯ᠎ᠠ᠃
ᠡᠷᠳᠡᠮ ᠰᠢᠨᠵᠢᠯᠡᠭᠡᠨ ᠦ ᠬᠤᠷᠠᠯ ᠨᠢ ᠥᠯᠵᠡᠶᠢᠲᠦ ᠰᠤᠮᠤ ᠶᠢᠨ ᠬᠥᠭᠵᠢᠯ ᠦᠨ 100 ᠵᠢᠯ ᠦᠨ ᠲᠡᠦᠬᠡᠨ ᠥᠪ᠂ ᠡᠳ᠋ ᠦᠨ ᠵᠠᠰᠠᠭ᠂ ᠨᠡᠶᠢᠭᠡᠮ᠂ ᠤᠷᠠᠯᠢᠭ ᠰᠤᠶᠤᠯ᠂ ᠪᠠᠶᠢᠭᠠᠯᠢ ᠣᠷᠴᠢᠨ᠂ᠠᠩ ᠠᠮᠢᠲᠠᠨ᠂ ᠠᠶᠠᠯᠠᠯ ᠵᠢᠭᠤᠯᠴᠢᠯᠠᠯ ᠤᠨ ᠣᠯᠠᠨ ᠲᠠᠯᠠᠲᠤ ᠠᠰᠠᠭᠤᠳᠠᠯ᠂ ᠰᠢᠨ᠎ᠡ ᠵᠠᠭᠤᠨ ᠤ ᠬᠥᠭᠵᠢᠯ ᠦᠨ ᠪᠣᠯᠤᠮᠵᠢ ᠶᠢ ᠣᠯᠠᠨ ᠨᠡᠶᠢᠲᠡ ᠳᠦ ᠲᠠᠨᠢᠯᠴᠠᠭᠤᠯᠤᠨ ᠬᠡᠯᠡᠯᠴᠡᠭᠦᠯᠵᠦ᠂ ᠪᠠᠷᠢᠮᠲᠠᠵᠢᠭᠤᠯᠤᠨ ᠦᠯᠡᠳᠡᠭᠡᠬᠦ ᠵᠣᠷᠢᠯᠭ᠎ᠠ ᠲᠠᠢ ᠶᠤᠮ᠃
ᠮᠣᠩᠭᠣᠯ ᠤᠯᠤᠰ ᠤᠨ ᠭᠠᠪᠢᠶᠠᠲᠤ ᠪᠠᠭᠰᠢ᠂ ᠰᠤᠷᠭᠠᠨ ᠬᠦᠮᠦᠵᠢᠭᠦᠯᠬᠦ ᠤᠬᠠᠭᠠᠨ ᠤ ᠳ᠋ᠣᠺᠲ᠋ᠣᠷ᠂ ᠫᠷᠣᠹᠧᠰᠰᠣᠷ ᠮᠢᠰᠢᠭ ᠦᠨ ᠴᠢᠮᠡᠳᠳᠣᠷᠵᠢ 《 ᠲᠦᠷᠦᠵᠦ ᠥᠰᠦᠭᠰᠡᠨ ᠥᠯᠵᠡᠶᠢᠲᠦ ᠨᠤᠲᠤᠭ ᠢᠶᠠᠨ ᠪᠦᠷᠢᠨ ᠰᠤᠳᠤᠯᠬᠤᠢ ᠶᠢᠨ ᠤᠴᠢᠷ》 ᠰᠡᠳᠦᠪ ᠦᠨ ᠳᠣᠣᠷ᠎ᠠ ᠦᠨᠳᠦᠰᠦᠨ ᠢᠯᠡᠳᠬᠡᠯ ᠲᠠᠨᠢᠯᠴᠠᠭᠤᠯᠤᠭᠰᠠᠨ ᠪᠣᠯ 《ᠰᠤᠮᠤ ᠶᠢᠨ ᠡᠳ᠋ ᠦᠨ ᠵᠠᠰᠠᠭ᠂ ᠨᠡᠶᠢᠭᠡᠮ ᠤᠨ ᠬᠥᠭᠵᠢᠯ ᠦᠨ ᠲᠡᠦᠬᠡᠨ ᠨᠥᠬᠥᠴᠡᠯ᠂ ᠴᠢᠨᠠᠭᠰᠢᠳᠠ ᠶᠢᠨ ᠵᠣᠷᠢᠯᠲᠠ》 ᠪᠣᠯᠤᠨ《ᠰᠤᠮᠤ ᠶᠢᠨ ᠢᠶᠠᠨ ᠤᠷᠠᠯᠢᠭ᠂ ᠰᠤᠶᠤᠯ ᠤᠨ ᠲᠡᠦᠬᠡᠨ ᠥᠪ ᠲᠦ ᠲᠤᠯᠭᠠᠭᠤᠷᠢᠯᠠᠨ ᠥᠯᠵᠡᠶᠢᠲᠦ ᠰᠤᠮᠤ ᠬᠥᠭᠵᠢᠬᠦ ᠪᠣᠯᠤᠮᠵᠢ》 ᠭᠡᠰᠡᠨ ᠬᠣᠶᠠᠷ ᠠᠭᠤᠯᠭ᠎ᠠ ᠶᠢᠨ ᠬᠦᠷᠢᠶᠡᠨ ᠳᠦ ᠲᠤᠰ ᠰᠤᠮᠤ ᠠᠴᠠ ᠭᠠᠷᠤᠯ ᠲᠠᠢ ᠡᠷᠳᠡᠮᠲᠡᠨ᠂ ᠳ᠋ᠣᠺᠲ᠋ᠣᠷ᠂ ᠫᠷᠣᠹᠧᠰᠰᠣᠷ ᠤᠳ ᠦᠨᠳᠦᠰᠦᠨ 10 ᠢᠯᠡᠳᠬᠡᠯ ᠲᠠᠯᠪᠢᠨ ᠬᠡᠯᠡᠯᠴᠡᠭᠦᠯᠵᠡᠢ᠃
ᠬᠤᠷᠠᠯ ᠳᠤ ᠮᠣᠩᠭᠣᠯ ᠤᠯᠤᠰ ᠤᠨ 4 ᠭᠠᠪᠢᠶᠠᠲᠤ᠂ 5 ᠳ᠋ᠣᠺᠲ᠋ᠣᠷ᠂ 3 ᠫᠷᠣᠹᠧᠰᠰᠣᠷ᠂ 2 ᠳᠡᠳ᠋ ᠫᠷᠣᠹᠧᠰᠰᠣᠷ᠂ 2 ᠺᠯᠢᠨᠢᠺ ᠤᠨ ᠫᠷᠣᠹᠧᠰᠰᠣᠷ᠂ 4 ᠮᠠᠭᠢᠰᠲ᠋ᠷ ᠣᠷᠣᠯᠴᠠᠵᠤ᠂ ᠡᠷᠳᠡᠮ ᠰᠢᠨᠵᠢᠯᠡᠭᠡᠨ ᠦ ᠢᠯᠡᠳᠬᠡᠯ ᠢᠶᠡᠨ ᠲᠠᠨᠢᠯᠴᠠᠭᠤᠯᠤᠯ᠎ᠠ᠃