ᠣᠯᠠᠨ ᠤᠯᠤᠰ ᠤᠨ ᠡᠳ᠋ ᠦᠨ ᠵᠠᠰᠠᠭ ᠤᠨ ᠳᠤᠯᠤᠳᠤᠭᠠᠷ ᠣᠯᠢᠮᠫᠢᠶᠠᠳ᠋ ᠬᠣᠩᠺᠣᠩ ᠳᠦ ᠪᠣᠯᠵᠤ ᠥᠨᠳᠥᠷᠯᠡᠯ᠎ᠡ᠃ ᠮᠠᠨ ᠤ ᠤᠯᠤᠰ ᠠᠴᠠ ᠲᠠᠪᠤᠨ ᠰᠤᠷᠤᠭᠴᠢ ᠣᠷᠣᠯᠴᠠᠭᠰᠠᠨ ᠠᠴᠠ《British School of Ulaanbaatar》ᠰᠤᠷᠭᠠᠭᠤᠯᠢ ᠶᠢᠨ ᠰᠤᠷᠤᠭᠴᠢ ᠭ ∙ ᠬᠠᠯᠢᠭᠤᠨ ᠮᠥᠩᠭᠥᠨ ᠮᠧᠳᠠᠯ ᠢᠶᠠᠷ ᠡᠩᠭᠡᠷ ᠢᠶᠡᠨ ᠮᠢᠯᠢᠶᠠᠭᠰᠠᠨ ᠪᠠᠶᠢᠨ᠎ᠠ᠃
ᠢᠷᠡᠭᠡᠳᠦᠢ ᠶᠢᠨ ᠰᠢᠯᠢᠳᠡᠭ ᠡᠳ᠋ ᠦᠨ ᠵᠠᠰᠠᠭᠴᠢᠳ ᠢ ᠲᠣᠳᠣᠷᠠᠭᠤᠯᠬᠤ᠂ ᠪᠡᠯᠡᠳᠬᠡᠬᠦ ᠵᠣᠷᠢᠯᠭ᠎ᠠ ᠪᠠᠷ 120 ᠵᠢᠯ ᠦᠨ ᠲᠡᠦᠬᠡ ᠲᠡᠢ ᠳᠡᠯᠡᠬᠡᠢ ᠶᠢᠨ ᠮᠡᠷᠭᠡᠰᠢᠭᠰᠡᠨ ᠨᠢᠭᠲᠠᠯᠠᠨ ᠪᠣᠳᠣᠭᠴᠢᠳ ᠤᠨ ᠬᠣᠯᠪᠣᠭ᠎ᠠ ᠪᠣᠯᠤᠨ ᠣᠯᠠᠨ ᠤᠯᠤᠰ ᠤᠨ ᠡᠳ᠋ ᠦᠨ ᠵᠠᠰᠠᠭ ᠤᠨ ᠣᠯᠢᠮᠫᠢᠶᠠᠳ᠋ ᠤᠨ ᠬᠣᠯᠪᠣᠭ᠎ᠠ ᠬᠠᠮᠲᠤᠷᠠᠨ ᠲᠤᠰ ᠣᠯᠢᠮᠫᠢᠶᠠᠳ᠋ ᠢ ᠵᠣᠬᠢᠶᠠᠨ ᠪᠠᠶᠢᠭᠤᠯᠳᠠᠭ ᠠᠵᠡᠢ᠃