《ᠡᠯᠡᠰᠦᠨ ᠮᠠᠩᠬᠠᠨ ᠤ ᠪᠠᠶᠠᠷ》 ᠢ ᠵᠢᠷᠭᠤᠭᠠᠳᠠᠬᠢ ᠵᠢᠯ ᠳᠦ ᠪᠡᠨ ᠨᠠᠢ᠌ᠮᠠᠳᠤᠭᠠᠷ ᠰᠠᠷ᠎ᠠ ᠶᠢᠨ 15-17 ᠤ ᠡᠳᠦᠷ ᠦᠳ ᠲᠦ ᠵᠣᠬᠢᠶᠠᠨ ᠪᠠᠶᠢᠭᠤᠯᠤᠨ᠎ᠠ᠃ ᠲᠣᠳᠣᠷᠠᠭᠤᠯᠪᠠᠯ᠂ ᠭᠣᠪᠢ ᠶᠢᠨ ᠠᠶᠠᠯᠠᠯ ᠵᠢᠭᠤᠯᠴᠢᠯᠠᠯ ᠤᠨ ᠭᠣᠣᠯ ᠪᠥᠰᠡ ᠪᠣᠯᠬᠤ ᠡᠮᠦᠨᠡᠭᠣᠪᠢ ᠠᠶᠢᠮᠠᠭ ᠤᠨ ᠶᠢᠰᠦᠨ ᠭᠠᠶᠢᠬᠠᠮᠰᠢᠭ ᠤᠨ ᠨᠢᠭᠡ᠂ ᠬᠣᠩᠭᠣᠷ ᠤᠨ ᠡᠯᠡᠰᠦ᠂ ᠳᠠᠭᠤᠲᠤ ᠮᠠᠩᠬᠠᠨ ᠳᠤ ᠤᠯᠠᠮᠵᠢᠯᠠᠯᠲᠤ ᠡᠯᠡᠰᠦᠨ ᠦ ᠪᠠᠶᠠᠷ ᠢ ᠵᠣᠬᠢᠶᠠᠨ ᠪᠠᠶᠢᠭᠤᠯᠬᠤ ᠶᠤᠮ᠃
ᠡᠯᠡᠰᠦᠨ ᠮᠠᠩᠬᠠᠨ ᠤ ᠪᠠᠶᠠᠷ ᠢ ᠲᠣᠬᠢᠶᠠᠯᠳᠤᠭᠤᠯᠤᠨ ᠳᠥᠷᠪᠡᠨ ᠨᠠᠰᠤᠨ ᠤ ᠬᠤᠷᠳᠤᠨ ᠮᠣᠷᠢᠨ ᠤ ᠤᠷᠤᠯᠳᠤᠭᠠᠨ᠂ ᠬᠦᠴᠦᠲᠦ ᠪᠦᠬᠡ ᠶᠢᠨ ᠪᠠᠷᠢᠯᠳᠤᠭᠠᠨ᠂ ᠰᠤᠷ᠂ ᠱᠠᠭ᠎ᠠ ᠶᠢᠨ ᠬᠠᠷᠪᠤᠭ᠎ᠠ᠂ ᠡᠯᠡᠰᠦᠨ ᠦ ᠸᠣᠯᠧᠢᠪᠣᠯ ᠤᠨ ᠲᠡᠮᠡᠴᠡᠭᠡᠨ᠂《ᠳᠣᠮᠣᠭ ᠤᠨ ᠭᠣᠪᠢ》100 ᠺᠢᠯᠣᠮᠧᠲ᠋ᠷ ᠤᠨ ᠠᠯᠬᠤᠯᠲᠠ᠂ ᠮᠠᠰᠢᠨ ᠲᠡᠷᠭᠡ᠂ ᠮᠣᠲ᠋ᠣᠼᠢᠺᠠᠯ ᠤᠨ ᠤᠷᠤᠯᠳᠤᠭᠠᠨ᠂ ᠡᠯᠡᠰᠦᠨ ᠦ ᠣᠷᠭᠢᠯ ᠪᠤᠯᠢᠶᠠᠯᠳᠤᠬᠤ ᠲᠡᠮᠡᠴᠡᠭᠡᠨ᠂ ᠣᠷᠣᠢ ᠶᠢᠨ ᠴᠡᠩᠭᠡᠭᠦᠨ ᠲᠣᠭᠯᠠᠯᠲᠠ ᠵᠡᠷᠭᠡ ᠦᠢᠯᠡ ᠠᠵᠢᠯᠯᠠᠭ᠎ᠠ ᠶᠢ ᠬᠢᠬᠦ ᠪᠡᠷ ᠲᠥᠯᠥᠪᠯᠡᠵᠡᠢ᠃