ᠠᠮᠧᠷᠢᠺᠠ ᠶᠢᠨ ᠨᠢᠭᠡᠳᠦᠭᠰᠡᠨ ᠤᠯᠤᠰ ᠤᠨ ᠲᠥᠷᠥ ᠶᠢᠨ ᠨᠠᠷᠢᠨ ᠪᠢᠴᠢᠭ ᠦᠨ ᠳᠠᠷᠤᠭ᠎ᠠ ᠠᠨᠲ᠋ᠤᠨᠢ ᠪᠯᠢᠨᠺᠧᠨ ᠮᠣᠩᠭᠣᠯ ᠤᠯᠤᠰ ᠲᠤ ᠠᠯᠪᠠᠨ ᠶᠣᠰᠣᠨ ᠤ ᠠᠶᠢᠯᠴᠢᠯᠠᠯ ᠬᠢᠬᠦ ᠦᠶ᠎ᠡ ᠪᠡᠷ ᠢᠶᠡᠨ《ᠠᠺᠰᠧᠰ》ᠬᠥᠲᠥᠯᠪᠦᠷᠢ ᠶᠢ ᠲᠡᠭᠦᠰᠦᠭᠴᠢ ᠥᠪᠦᠷᠬᠠᠩᠭᠠᠢ ᠠᠶᠢᠮᠠᠭ ᠤᠨ ᠵᠠᠯᠠᠭᠤᠰ ᠤᠨ ᠲᠥᠯᠥᠭᠡᠯᠡᠯ ᠲᠡᠢ ᠠᠭᠤᠯᠵᠠᠭᠰᠠᠨ ᠪᠢᠯᠡ᠃
ᠡᠨᠡ ᠬᠦ ᠬᠥᠲᠥᠯᠪᠦᠷᠢ ᠶᠢ ᠥᠪᠦᠷᠬᠠᠩᠭᠠᠢ ᠠᠶᠢᠮᠠᠭ ᠲᠤ 2019 ᠣᠨ ᠠᠴᠠ ᠬᠡᠷᠡᠭᠵᠢᠭᠦᠯᠵᠦ ᠡᠬᠢᠯᠡᠭᠰᠡᠨ ᠪᠠᠶᠢᠨ᠎ᠠ᠃ ᠬᠥᠲᠥᠯᠪᠦᠷᠢ ᠶᠢᠨ ᠭᠣᠣᠯ ᠵᠣᠷᠢᠯᠭ᠎ᠠ ᠨᠢ 13-20 ᠨᠠᠰᠤᠨ ᠤ ᠡᠳ᠋ ᠦᠨ ᠵᠠᠰᠠᠭ ᠤᠨ ᠪᠣᠯᠤᠮᠵᠢ ᠮᠠᠭᠤ ᠲᠠᠢ ᠣᠶᠤᠲᠠᠨ᠂ ᠰᠤᠷᠤᠭᠴᠢᠳ ᠤᠨ ᠠᠩᠭᠯᠢ ᠬᠡᠯᠡᠨ ᠦ ᠦᠨᠳᠦᠰᠦᠨ ᠤᠷ᠎ᠠ ᠴᠢᠳᠠᠪᠤᠷᠢ ᠶᠢ ᠣᠯᠭᠤᠬᠤ ᠳᠤ ᠣᠷᠣᠰᠢᠳᠠᠭ᠃ ᠬᠥᠲᠥᠯᠪᠦᠷᠢ ᠳᠦ ᠣᠷᠣᠯᠴᠠᠭᠴᠢᠳ ᠠᠩᠭᠯᠢ ᠬᠡᠯᠡ ᠪᠡᠷ ᠳᠠᠮᠵᠢᠭᠤᠯᠤᠨ ᠴᠢᠨᠠᠭᠰᠢᠳᠠ ᠰᠣᠯᠢᠯᠴᠠᠭᠠᠨ ᠳᠤ ᠬᠠᠮᠤᠷᠤᠭᠳᠠᠨ᠂ ᠠᠮᠧᠷᠢᠺᠠ ᠳᠦ ᠰᠤᠷᠤᠯᠴᠠᠬᠤ ᠶᠢᠨ ᠲᠥᠯᠥᠭᠡ ᠦᠷᠢᠰᠦᠯᠳᠦᠬᠦ ᠴᠢᠳᠠᠪᠤᠷᠢ ᠲᠠᠢ ᠪᠣᠯᠳᠠᠭ ᠃
《ᠠᠺᠰᠧᠰ》ᠨᠢ ᠮᠣᠩᠭᠣᠯ ᠳ᠋ᠡᠬᠢ ᠠᠮᠧᠷᠢᠺᠠ ᠶᠢᠨ ᠡᠯᠴᠢᠨ ᠰᠠᠶᠢᠳ ᠤᠨ ᠶᠠᠮᠤᠨ ᠠᠴᠠ ᠬᠡᠷᠡᠭᠵᠢᠭᠦᠯᠳᠡᠭ ᠠᠩᠭᠯᠢ ᠬᠡᠯᠡᠨ ᠦ ᠪᠣᠯᠪᠠᠰᠤᠷᠠᠯ ᠤᠨ ᠬᠡᠳᠦ ᠬᠡᠳᠦᠨ ᠪᠣᠯᠪᠠᠰᠤᠷᠠᠯ ᠤᠨ ᠬᠥᠲᠥᠯᠪᠦᠷᠢ ᠶᠢᠨ ᠨᠢᠭᠡ ᠶᠤᠮ᠃ ᠠᠨᠲ᠋ᠤᠨᠢ ᠪᠯᠢᠨᠺᠧᠨ ᠤᠭ ᠠᠭᠤᠯᠵᠠᠯᠲᠠ ᠶᠢᠨ ᠳᠠᠷᠠᠭ᠎ᠠ 《ᠠᠮᠧᠷᠢᠺᠠ ᠪᠣᠯᠤᠨ ᠮᠣᠩᠭᠣᠯ ᠤᠯᠤᠰ ᠤᠨ ᠠᠩᠭᠯᠢ ᠬᠡᠯᠡᠨ ᠦ ᠲᠡᠭᠦᠯᠳᠡᠷᠰᠢᠯ ᠰᠠᠨᠠᠭᠠᠴᠢᠯᠠᠭ᠎ᠠ》 ᠶᠢ《U.S. Mongolia Excellence in English Initiative》 ᠡᠬᠢᠯᠡᠭᠦᠯᠵᠦ ᠪᠤᠢ ᠶᠢ ᠵᠠᠷᠯᠠᠪᠠ᠃