ᠮᠠᠨ ᠤ ᠤᠯᠤᠰ ᠤᠨ ᠴᠢᠯᠠᠭᠤᠨ ᠨᠡᠭᠦᠷᠡᠰᠦᠨ ᠦ ᠡᠺᠰᠫᠣᠷᠲ 46.1 ᠰᠠᠶ᠎ᠠ ᠲᠣᠨ ᠪᠣᠯᠵᠤ᠂ ᠡᠮᠦᠨᠡᠬᠢ ᠵᠢᠯ ᠦᠨ ᠮᠥᠨ ᠦᠶ᠎ᠡ ᠶᠢᠨ ᠬᠢ ᠡᠴᠡ 35.5 ᠬᠤᠪᠢ ᠪᠠᠷ ᠦᠰᠴᠡᠢ᠃ ᠡᠭᠦᠨ ᠢ 2022 ᠣᠨ ᠤ ᠮᠥᠨ ᠦᠶ᠎ᠡ ᠶᠢᠨ ᠬᠢ ᠲᠡᠢ ᠬᠠᠷᠢᠴᠠᠭᠤᠯᠬᠤ ᠳᠤ 4.2 ᠳᠠᠬᠢᠨ ᠥᠰᠦᠭᠰᠡᠨ ᠪᠠᠶᠢᠨ᠎ᠠ᠃ ᠮᠠᠨ ᠤ ᠤᠯᠤᠰ ᠴᠢᠯᠠᠭᠤᠨ ᠨᠡᠭᠦᠷᠡᠰᠦ ᠶᠢ 100 ᠬᠤᠪᠢ ᠬᠢᠲᠠᠳ ᠲᠤ ᠭᠠᠷᠭᠠᠵᠤ ᠪᠠᠶᠢᠨ᠎ᠠ᠃
ᠮᠣᠩᠭᠣᠯ ᠤᠯᠤᠰ ᠤᠨ ᠡᠳ᠋ ᠦᠨ ᠵᠠᠰᠠᠭ ᠡᠨᠡ ᠣᠨ ᠤ ᠡᠬᠢᠨ ᠦ ᠤᠯᠠᠷᠢᠯ ᠳᠤ 7.8 ᠬᠤᠪᠢ ᠪᠠᠷ ᠥᠰᠦᠭᠰᠡᠨ ᠤ 4.1 ᠬᠤᠪᠢ ᠨᠢ ᠦᠢᠯᠡᠴᠢᠯᠡᠭᠡ ᠲᠡᠷᠡ ᠳᠤᠮᠳᠠ ᠪᠠᠨ ᠲᠡᠭᠡᠭᠡᠪᠦᠷᠢ᠂ ᠬᠤᠳᠠᠯᠳᠤᠭᠠᠨ ᠤ ᠰᠠᠯᠪᠤᠷᠢ ᠶᠢᠨ ᠥᠰᠦᠯᠲᠡ ᠭᠣᠣᠯᠯᠠᠨ ᠨᠥᠯᠦᠭᠡᠯᠡᠭᠰᠡᠨ ᠪᠣᠯ ᠠᠭᠤᠯᠠ ᠠᠭᠤᠷᠬᠠᠢ ᠶᠢᠨ ᠰᠠᠯᠪᠤᠷᠢ ᠶᠢᠨ ᠥᠰᠦᠯᠲᠡ 1.9 ᠬᠤᠪᠢ ᠶᠢ ᠡᠵᠡᠯᠡᠵᠦ ᠪᠠᠶᠢᠨ᠎ᠠ᠃
ᠮᠣᠩᠭᠣᠯ ᠤᠯᠤᠰ ᠤᠨ ᠡᠺᠰᠫᠣᠷᠲ ᠤᠨ ᠭᠣᠣᠯᠯᠠᠬᠤ ᠪᠦᠲᠦᠭᠡᠭᠳᠡᠬᠦᠨ ᠪᠣᠯᠬᠤ ᠨᠡᠭᠦᠷᠡᠰᠦ ᠨᠡᠶᠢᠲᠡ ᠡᠺᠰᠫᠣᠷᠲ ᠤᠨ 57.9 ᠬᠤᠪᠢ ᠶᠢ ᠳᠠᠩ ᠢᠶᠠᠷ ᠢᠶᠠᠨ ᠪᠦᠷᠢᠳᠦᠭᠦᠯᠵᠦ ᠪᠠᠶᠢᠭ᠎ᠠ ᠪᠣᠯ ᠵᠡᠰ ᠦᠨ ᠪᠠᠶᠠᠵᠢᠮᠠᠯ 18.4 ᠬᠤᠪᠢ ᠶᠢ ᠡᠵᠡᠯᠡᠵᠦ ᠪᠠᠶᠢᠨ᠎ᠠ᠃