ᠭᠠᠳᠠᠭᠠᠳᠤ ᠬᠠᠷᠢᠯᠴᠠᠭᠠᠨ ᠤ ᠰᠠᠶᠢᠳ ᠪ ∙ ᠪᠠᠲᠤᠴᠡᠴᠡᠭ᠂ ᠣᠮᠠᠨ ᠤ ᠰᠦᠯᠳᠡᠨᠲᠦ ᠤᠯᠤᠰ ᠤᠨ ᠭᠠᠳᠠᠭᠠᠳᠤ ᠬᠡᠷᠡᠭ ᠦᠨ ᠰᠠᠶᠢᠳ ᠰᠠᠶ᠋ᠢᠳ᠋ ᠪᠠᠳᠠᠷ ᠪᠢᠩ ᠬᠠᠮ ᠳᠤ ᠪᠢᠩ ᠬᠠᠮᠤᠳ᠋ ᠠᠯᠢ ᠪᠤᠰᠠᠢᠳᠢᠨ ᠥᠨᠥᠳᠥᠷ ᠠᠯᠪᠠᠨ ᠶᠣᠰᠣᠨ ᠤ ᠬᠡᠯᠡᠯᠴᠡᠭᠡ ᠬᠢᠪᠡ᠃
ᠬᠡᠯᠡᠯᠴᠡᠭᠡᠨ ᠦ ᠡᠬᠢᠨ ᠳᠦ ᠪ ∙ ᠪᠠᠲᠤᠴᠡᠴᠡᠭ ᠬᠣᠶᠠᠷ ᠤᠯᠤᠰ 1992 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠨᠠᠰᠢ ᠣᠮᠠᠨ ᠤᠯᠤᠰ ᠠᠴᠠ ᠮᠠᠨ ᠤ ᠤᠯᠤᠰ ᠲᠤ ᠳᠡᠭᠡᠳᠦ᠂ ᠥᠨᠳᠥᠷ ᠲᠦᠪᠰᠢᠨ ᠳᠦ ᠬᠡᠷᠡᠭᠵᠢᠭᠦᠯᠵᠦ ᠪᠤᠢ ᠠᠩᠬᠠᠨ ᠤ ᠠᠯᠪᠠᠨ ᠶᠣᠰᠣᠨ ᠤ ᠠᠶᠢᠯᠴᠢᠯᠠᠯ ᠪᠣᠯᠵᠤ ᠪᠤᠢ ᠶᠢ ᠣᠨᠴᠠᠯᠠᠭᠠᠳ᠂ ᠮᠣᠩᠭᠣᠯ ᠤᠯᠤᠰ ᠪᠤᠯᠤᠩ ᠤᠨ ᠣᠷᠣᠨ ᠨᠤᠭᠤᠳ ᠲᠠᠢ ᠣᠶᠢᠷ᠎ᠠ ᠳᠣᠲᠣᠨᠣ ᠬᠠᠷᠢᠯᠴᠠᠭ᠎ᠠ ᠲᠣᠭᠲᠠᠭᠠᠬᠤ᠂ ᠤᠷᠲᠤ ᠤᠳᠠᠭᠠᠨ ᠬᠤᠭᠤᠴᠠᠭᠠᠨ ᠤ ᠪᠠᠲᠤ ᠪᠡᠬᠢ ᠲᠦᠩᠰᠢᠯᠡᠯ ᠦᠨ ᠬᠠᠷᠢᠯᠴᠠᠭ᠎ᠠ᠂ ᠬᠠᠮᠲᠤ ᠶᠢᠨ ᠠᠵᠢᠯᠯᠠᠭ᠎ᠠ ᠶᠢ ᠬᠥᠭᠵᠢᠭᠦᠯᠬᠦ ᠶᠢ ᠵᠣᠷᠢᠵᠤ ᠪᠤᠢ ᠪᠠᠨ ᠲᠡᠮᠳᠡᠭᠯᠡᠪᠡ᠃
ᠴᠠᠭᠠᠰᠢᠳᠠ ᠢᠷᠭᠡᠳ ᠬᠣᠭᠣᠷᠣᠨᠳᠣ ᠶᠢᠨ ᠰᠣᠯᠢᠯᠴᠠᠭ᠎ᠠ ᠶᠢ ᠪᠡᠬᠢᠵᠢᠭᠦᠯᠬᠦ᠂ ᠠᠶᠠᠯᠠᠯ ᠵᠢᠭᠤᠯᠴᠢᠯᠠᠯ ᠤᠨ ᠰᠠᠯᠪᠤᠷᠢ ᠶᠢᠨ ᠬᠠᠮᠲᠤ ᠶᠢᠨ ᠠᠵᠢᠯᠯᠠᠭ᠎ᠠ ᠶᠢ ᠥᠷᠭᠡᠵᠢᠭᠦᠯᠬᠦ ᠳᠦ ᠡᠬᠢᠨ ᠦ ᠡᠭᠡᠯᠵᠢᠨ ᠳᠦ ᠳ᠋ᠢᠫᠯᠣᠮᠠᠲ᠂ ᠠᠯᠪᠠᠨ/ᠲᠤᠰᠬᠠᠢ᠂ ᠦᠢᠯᠡᠴᠢᠯᠡᠭᠡᠨ ᠦ ᠫᠠᠰᠫᠣᠷᠲ ᠡᠵᠡᠮᠰᠢᠭᠴᠢᠳ ᠢ ᠸᠢᠰᠠ ᠶᠢᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠢ ᠵᠠᠰᠠᠭ ᠤᠨ ᠭᠠᠵᠠᠷ ᠬᠣᠭᠣᠷᠣᠨᠳᠣ ᠶᠢᠨ ᠬᠡᠯᠡᠯᠴᠡᠭᠡᠷ ᠢ ᠪᠠᠶᠢᠭᠤᠯᠬᠤ᠂ ᠴᠢᠨᠠᠭᠰᠢᠳᠠ ᠪᠦᠬᠦ ᠲᠥᠷᠥᠯ ᠦᠨ ᠫᠠᠰᠫᠣᠷᠲ ᠡᠵᠡᠮᠰᠢᠭᠴᠢᠳ ᠢ ᠬᠠᠷᠢᠯᠴᠠᠨ ᠸᠢᠰᠠ ᠶᠢᠨ ᠱᠠᠭᠠᠷᠳᠠᠯᠭ᠎ᠠ ᠠᠴᠠ ᠴᠢᠯᠦᠭᠡᠯᠡᠬᠦ ᠬᠡᠯᠡᠯᠴᠡᠭᠡᠷ ᠢ ᠪᠠᠶᠢᠭᠤᠯᠬᠤ ᠴᠢᠭᠯᠡᠯ ᠳᠦ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃