ᠤᠯᠤᠰ ᠲᠥᠷᠥ ᠶ᠋ᠢᠨ ᠬᠢᠯᠢᠰ ᠬᠡᠷᠡᠭ ᠲᠦ ᠬᠡᠯᠮᠡᠭᠳᠡᠭᠰᠡᠳ ᠤᠨ ᠳᠤᠷᠠᠰᠬᠠᠯ ᠤᠨ ᠡᠳᠦᠷ ᠢ ᠲᠣᠬᠢᠶᠠᠯᠳᠤᠭᠤᠯᠤᠨ ᠶᠡᠷᠦᠩᠬᠡᠢ ᠰᠠᠶᠢᠳ ᠯ ∙ ᠣᠶᠤᠨ-ᠡᠷᠳᠡᠨᠢ᠂ ᠤᠯᠤᠰ ᠤᠨ ᠶᠡᠬᠡ ᠬᠤᠷᠠᠯ ᠤᠨ ᠳᠡᠳ᠋ ᠳᠠᠷᠤᠭ᠎ᠠ᠂ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠤᠯᠤᠰ ᠤᠨ ᠺᠣᠮᠢᠰ ᠤᠨ ᠳᠠᠷᠤᠭ᠎ᠠ ᠪ ∙ ᠫᠦᠷᠪᠦᠳᠣᠷᠵᠢ ᠪᠣᠯᠤᠨ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠴᠠᠭᠠᠳᠬᠠᠬᠤ ᠠᠵᠢᠯ ᠢ ᠤᠳᠤᠷᠢᠳᠤᠨ ᠵᠣᠬᠢᠶᠠᠨ ᠪᠠᠶᠢᠭᠤᠯᠬᠤ ᠤᠯᠤᠰ ᠤᠨ ᠺᠣᠮᠢᠰ ᠤᠨ ᠠᠵᠢᠯ ᠤᠨ ᠠᠯᠪᠠ᠂ ᠬᠡᠯᠮᠡᠭᠳᠡᠭᠰᠡᠳ ᠤᠨ ᠦᠷ᠎ᠡ ᠬᠡᠦᠬᠡᠳ᠂ ᠠᠬ᠎ᠠ ᠳᠡᠭᠦᠦ᠂ ᠲᠥᠷᠥᠯ ᠲᠥᠷᠥᠭᠰᠡᠳ ᠬᠡᠯᠮᠡᠭᠳᠡᠭᠰᠡᠳ ᠤᠨ ᠬᠦᠰᠢᠶᠡᠨ ᠳᠦ ᠴᠡᠴᠡᠭ ᠡᠷᠭᠦᠵᠦ᠂ ᠬᠦᠨᠳᠦᠳᠬᠡᠯ ᠦᠵᠡᠭᠦᠯᠦᠯ᠎ᠡ᠃
ᠤᠯᠤᠰ ᠤᠨ ᠶᠡᠬᠡ ᠬᠤᠷᠠᠯ ᠠᠴᠠ 1996 ᠣᠨ ᠳᠤ ᠵᠢᠯ ᠪᠦᠷᠢ ᠶᠢᠨ ᠶᠢᠰᠦᠳᠦᠭᠡᠷ ᠰᠠᠷᠠᠶ᠋ᠢᠨ 10 ᠦ ᠡᠳᠦᠷ ᠢ ᠤᠯᠤᠰ ᠲᠥᠷᠥ ᠶ᠋ᠢᠨ ᠬᠢᠯᠢᠰ ᠬᠡᠷᠡᠭ ᠲᠦ ᠬᠡᠯᠮᠡᠭᠳᠡᠭᠰᠡᠳ ᠤᠨ ᠳᠤᠷᠠᠰᠬᠠᠯ ᠢ ᠬᠦᠨᠳᠦᠳᠬᠡᠬᠦ ᠡᠳᠦᠷ ᠪᠣᠯᠭᠠᠨ ᠣᠷᠣᠨ ᠳᠠᠶᠠᠭᠠᠷ ᠲᠡᠮᠳᠡᠭᠯᠡᠵᠦ ᠪᠠᠶᠢᠬᠤ ᠪᠠᠷ ᠲᠤᠭᠲᠠᠭᠠᠭᠰᠠᠨ᠃ ᠤᠯᠤᠰ ᠲᠥᠷᠥ ᠶ᠋ᠢᠨ ᠬᠡᠷᠡᠭ ᠲᠦ ᠭᠡᠯᠮᠡᠭᠳᠡᠵᠦ ᠰᠢᠢᠳᠭᠡᠭᠳᠡᠭᠰᠡᠨ ᠢᠷᠭᠡᠳ ᠡᠴᠡ ᠥᠨᠥᠳᠥᠷ ᠤᠨ ᠪᠠᠶᠢᠳᠠᠯ ᠢᠶᠠᠷ 31400 ᠭᠠᠷᠤᠢ ᠢᠷᠭᠡᠨ ᠢ ᠴᠠᠭᠠᠳᠬᠠᠭᠰᠠᠨ ᠪᠠᠢᠨ᠎ᠠ᠃