ᠶᠡᠷᠦᠩᠬᠡᠢᠢᠯᠡᠭ᠍ᠴᠢ ᠤ· ᠬᠦᠷᠡᠯᠰᠦ᠋ᠬᠡ ᠶᠢᠨ ᠢᠪᠡᠭᠡᠯ ᠳ᠋ᠤᠷ ᠤᠯᠤᠰ ᠤᠨ ᠨᠡᠷ᠎ᠡ ᠲᠣᠮᠢᠶᠠᠨ ᠤ ᠺᠣᠮᠢᠰ ᠡᠭᠦᠰᠦᠨ ᠪᠠᠢᠭᠤᠯᠤᠭᠳᠠᠭᠰᠠᠨ ᠤ 100 ᠵᠢᠯ ᠤᠨ ᠣᠢ ᠳᠤ ᠵᠣᠷᠢᠭᠤᠯᠤᠭᠰᠠᠨ《ᠨᠡᠷ᠎ᠡ ᠲᠤᠮᠢᠶ᠎ᠠ ᠪᠠ ᠰᠢᠨᠵᠢᠯᠡᠬᠦ ᠤᠬᠠᠭᠠᠨ ᠲᠧᠭ᠍ᠨᠣᠯᠣᠭᠢ ᠶᠢᠨ ᠬᠥᠭ᠍ᠵᠢᠯ – 2024》ᠣᠯᠠᠨ ᠤᠯᠤᠰ ᠤᠨ ᠠ᠋ᠷᠳᠡᠮ ᠰᠢᠨᠵᠢᠯᠡᠭᠡᠨ ᠤ ᠬᠤᠷᠠᠯ ᠲᠥᠷᠦ ᠶᠢᠨ ᠣᠷᠳᠣᠨ ᠳᠤ ᠥᠨᠥᠳᠥᠷ ᠪᠣᠯᠣᠯ᠎ᠠ ᠃
ᠬᠡᠯᠡᠨ ᠤ ᠪᠣᠳᠣᠯᠭ᠎ᠠ ᠶᠢᠨ ᠦᠨᠳᠦᠰᠦᠨ ᠤ ᠵᠥᠪᠯᠡᠯ ᠤᠨ ᠠᠵᠢᠯ ᠤᠨ ᠠᠯᠪᠠᠨ ᠤ ᠳᠠᠷᠤᠭ᠎ᠠ ᠨᠠᠷᠠᠨᠭᠡᠷᠡᠯ᠂ ᠰᠤᠳᠤᠷ ᠪᠢᠴᠢᠭ ᠤᠨ ᠬᠦᠷᠢᠶᠡᠯᠡᠩ ᠦᠨ ᠳᠡᠷᠭᠡᠳᠡ 1924 ᠣᠨ ᠳᠤ ᠤᠯᠤᠰ ᠤᠨ ᠨᠡᠷ᠎ᠡ ᠲᠣᠮᠢᠶᠠᠨ ᠤ ᠺᠣᠮᠢᠰ ᠢ ᠪᠠᠢᠭᠤᠯᠤᠭᠰᠠᠨ ᠨᠢ ᠨᠡᠷ᠎ᠡ ᠲᠣᠮᠢᠶ᠎ᠠ ᠶᠢ ᠲᠣᠭᠲᠠᠯᠴᠠᠭ᠎ᠠ ᠲᠠᠢ ᠪᠣᠯᠪᠠᠰᠤᠷᠠᠭᠤᠯᠵᠤ᠂ ᠣᠨᠣᠭᠠᠬᠤ ᠡᠬᠢ ᠰᠠᠭᠤᠷᠢ ᠶᠢ ᠲᠠᠯᠪᠢᠭ᠌ᠰᠠᠨ᠃ ᠦᠨᠭᠭᠡᠷᠡᠭ᠍ᠰᠡᠠ 100 ᠵᠢᠯ ᠡᠴᠡ ᠥᠨᠥ ᠶᠢ ᠬᠦᠷᠲᠡᠯᠡᠬᠢ ᠬᠤᠭᠤᠴᠠᠭᠠᠨ ᠳᠤ ᠲᠥᠷᠦ ᠵᠠᠰᠠᠭ ᠠᠴᠠ ᠠᠩᠬᠠᠷᠴᠤ᠂ ᠲᠣᠭᠲᠠᠭᠠᠯ ᠰᠢᠢᠳᠪᠦᠷᠢ ᠨᠤᠭᠦᠳ ᠢ ᠲᠤᠬᠠᠢ ᠶᠢᠨ ᠴᠡᠬ ᠦᠶ᠎ᠡ ᠲᠠᠢ ᠪᠠᠨ ᠤᠶᠠᠯᠳᠤᠭᠤᠯᠵᠤ ᠭᠠᠷᠭᠠᠵᠤ ᠢᠷᠡᠭ᠍ᠰᠡᠨ ᠃ ᠤᠯᠤᠰ ᠤᠨ ᠨᠡᠷ᠎ᠡ ᠲᠣᠮᠢᠶᠠᠨ ᠤ ᠺᠣᠮᠢᠰ ᠢ 2014 ᠣᠨ ᠳᠤ ᠬᠡᠯᠡᠨ ᠤ ᠪᠣᠳᠣᠯᠭ᠎ᠠ ᠶᠢᠨ ᠦᠨᠳᠦᠰᠦᠨ ᠤ ᠵᠥᠪᠯᠡᠯ ᠤᠨ ᠳᠡᠷᠭᠡᠳᠡ ᠰᠡᠷᠭᠦᠭᠡᠨ ᠪᠠᠢᠭᠤᠯᠤᠭᠰᠠᠨ ᠢᠶᠠᠷ 10 ᠭᠠᠷᠦᠢ ᠰᠠᠯᠪᠤᠷᠢ ᠶᠢᠨ 50 ᠭᠠᠷᠦᠢ ᠨᠡᠷ᠎ᠡ ᠲᠣᠮᠢᠶ᠎ᠠ ᠶᠢ ᠪᠠᠲᠤᠯᠠᠭᠠᠵᠢᠭᠤᠯᠤᠭᠰᠠᠨ ᠪᠣᠯᠬᠤ ᠶᠢ ᠢᠯᠡᠳᠬᠡᠯ ᠳᠡᠬᠡᠨ ᠳᠤᠷᠠᠳᠪᠠ ᠃
ᠰᠢᠨᠵᠢᠯᠡᠬᠦ ᠤᠬᠠᠭᠠᠨ ᠤ ᠠᠺᠠᠳ᠋ᠸᠮᠢ ᠶᠢᠨ ᠬᠡᠯᠡ ᠵᠣᠬᠢᠶᠠᠯ ᠤᠨ ᠬᠦᠷᠢᠶᠡᠯᠡᠩ ᠦᠨ ᠬᠡᠷᠡᠭ᠍ᠯᠡᠭᠡᠨ ᠤ ᠬᠡᠯᠡ ᠰᠢᠨᠵᠢᠯᠡᠯ ᠦᠨ ᠰᠠᠯᠪᠤᠷᠢ ᠶᠢᠨ ᠡᠷᠬᠢᠯᠡᠭ᠍ᠴᠢ ᠮᠥᠩᠬᠡᠴᠡᠴᠡᠭ᠄ ᠤᠯᠤᠰ ᠤᠨ ᠨᠡᠷ᠎ᠡ ᠲᠣᠮᠢᠶᠠᠨ ᠤ ᠺᠣᠮᠢᠰ ᠠᠴᠠ ᠪᠠᠲᠤᠯᠠᠨ ᠭᠠᠷᠭᠠᠵᠤ ᠪᠤᠶ ᠨᠡᠷ᠎ᠡ ᠲᠣᠮᠢᠶ᠎ᠠ ᠶᠢ ᠪᠦᠬᠦ ᠰᠠᠯᠪᠤᠷᠢ ᠳᠤ ᠠᠰᠢᠭ᠌ᠯᠠᠬᠤ ᠨᠢ ᠮᠠᠰᠢ ᠴᠢᠬᠤᠯᠠ᠃ ᠣᠳᠤ ᠴᠠᠭ ᠲᠤ ᠳᠤᠤᠷ᠎ᠠ ᠪᠦᠷᠢᠨ᠎ᠡ ᠦᠭᠡᠷ᠎ᠡ ᠦᠭᠡᠷ᠎ᠡ ᠨᠡᠷ᠎ᠡ ᠲᠣᠮᠢᠶ᠎ᠠ ᠶᠢ ᠠᠰᠢᠭ᠌ᠯᠠᠵᠤ ᠪᠠᠢᠭ᠎ᠠ ᠨᠢ ᠨᠡᠢᠢᠭᠡᠮ ᠤᠨ ᠬᠠᠷᠢᠯᠴᠠᠭᠠᠨ ᠳᠤ ᠦᠯᠦ ᠣᠢᠢᠯᠠᠭᠠᠯᠴᠠᠯ ᠡᠭᠦᠰᠬᠡᠵᠦ ᠪᠡᠢᠢᠨ᠎ᠡ ᠃ ᠡᠨᠡ ᠨᠢ ᠴᠠᠭᠠᠨ᠎ᠠ ᠪᠠᠨ ᠡᠳ᠋ ᠦᠨ ᠵᠠᠰᠠᠭ ᠤᠨ ᠦᠷ᠎ᠡ ᠠᠰᠢᠭ ᠦᠭᠡᠶ ᠪᠠᠢᠳᠠᠯ ᠢ ᠪᠦᠷᠢᠯᠳᠤᠭᠦᠯᠵᠦ ᠪᠡᠢᠢᠨ᠎ᠡ᠃ ᠲᠤᠬᠠᠢᠯᠠᠪᠠᠯ᠂ ᠦᠢᠯᠡᠳᠪᠦᠷᠢᠯᠡᠯ ᠤᠨ ᠱᠠᠲᠤᠨ ᠳ᠋ᠡᠬᠢ ᠦᠯᠦ ᠤᠢᠯᠠᠭᠠᠯᠴᠠᠯ ᠠᠴᠠ ᠡᠭᠦᠳᠴᠦ ᠣᠰᠣᠯ ᠠᠸᠠᠷ ᠭᠠᠷᠬᠤ ᠡᠷᠡᠰᠳᠡᠯ ᠲᠠᠢ᠃ ᠪᠢᠳᠠᠨ ᠨᠡᠷ᠎ᠡ ᠲᠣᠮᠢᠶ᠎ᠠ ᠶᠢ ᠬᠡᠯᠡᠨ ᠤ ᠨᠢᠭᠡᠴᠢ ᠲᠠᠯ᠎ᠠ ᠠᠴᠠ ᠨᠢ ᠬᠠᠷᠠᠭᠠᠳ ᠪᠠᠢᠳᠠᠭ᠃ ᠭᠡᠲᠡᠯ᠎ᠡ ᠨᠡᠷ᠎ᠡ ᠲᠤᠮᠢᠶ᠎ᠠ ᠪᠣᠯ ᠴᠡᠪᠡᠷ ᠮᠡᠳᠡᠯᠭᠡ ᠠᠭᠤᠯᠤᠭᠰᠠᠨ ᠤᠢᠯᠠᠭᠠᠯᠲᠠ ᠶᠤᠮ ᠭᠡᠰᠡᠨ ᠲᠠᠢᠯᠪᠤᠷᠢ ᠶᠢ ᠬᠢᠯ᠎ᠡ᠃