ᠵᠠᠰᠠᠭ ᠤᠨ ᠭᠠᠵᠠᠷ ᠤᠨ ᠥᠨᠥᠳᠥᠷ ᠦᠨ ᠬᠤᠷᠠᠯᠳᠤᠭᠠᠨ ᠳᠤ ᠭᠠᠰᠢᠭᠤᠨᠰᠤᠬᠠᠢᠲᠤ᠂ ᠭᠠᠭᠴᠠᠮᠤᠳᠤ ᠶᠢᠨ ᠬᠢᠯᠢ ᠳᠠᠮᠨᠠᠭᠰᠠᠨ ᠲᠡᠮᠦᠷ ᠵᠠᠮ ᠤᠨ ᠬᠡᠯᠡᠯᠴᠡᠭᠡᠷ ᠦᠨ ᠲᠠᠯ᠎ᠠ ᠪᠠᠷ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠳ ᠴ· ᠲᠤᠸᠠᠩ ᠲᠠᠨᠢᠯᠴᠠᠭᠤᠯᠵᠠᠢ᠃ ᠶᠡᠷᠦᠩᠬᠡᠶ ᠰᠠᠢᠳ ᠯ ·ᠤᠶᠤᠡᠡᠷᠳᠡᠨᠢ ᠠᠷᠪᠠᠳᠤᠭᠠᠷ ᠰᠠᠷ᠎ᠠ ᠳᠤ ᠬᠢᠲᠠᠳ ᠲᠤ《ᠴᠠᠢᠨᠠ ᠡᠨᠧᠷᠭᠢ ᠭᠷᠦ᠋ᠫ 》 ᠺᠣᠮᠫᠠᠨᠢ ᠶᠢᠨ ᠲᠥᠯᠥᠭᠡᠯᠡᠨ ᠤᠳᠤᠷᠢᠳᠬᠤ ᠵᠦᠪᠯᠡᠯ ᠤᠨ ᠳᠠᠷᠤᠭ᠎ᠠ ᠲᠡᠷᠢᠭᠦᠲᠡᠢ ᠲᠥᠯᠥᠭᠡᠯᠡᠭ᠍ᠴᠢᠳ ᠢ ᠬᠦᠯᠢᠶᠡᠨ ᠠᠪᠴᠤ ᠬᠦᠰᠡᠯᠲᠡ ᠲᠠᠯᠪᠢᠭ᠌ᠰᠠᠨ ᠤ ᠳᠠᠭᠠᠤ《ᠴᠠᠢᠨᠠ ᠡᠨᠧᠷᠭᠢ ᠭᠷᠦ᠋ᠫ》 ᠻᠣᠮᠫᠠᠨᠢ ᠠᠯᠪᠠᠨ ᠶᠣᠰᠣᠨ ᠤ ᠪᠠᠢᠢᠷᠢ ᠰᠠᠭᠤᠷᠢ ᠪᠠᠨ ᠦᠨᠭᠭᠡᠷᠡᠭ᠍ᠰᠡᠠ ᠰᠠᠷ᠎ᠠ ᠶᠢᠨ 28 ᠳᠤ ᠮᠣᠩᠭᠣᠯ ᠤᠨ ᠲᠠᠯ᠎ᠠ ᠶᠢᠨ ᠠᠵᠢᠯ ᠤᠨ ᠬᠡᠰᠡᠭ ᠦᠨ ᠳᠠᠷᠤᠭ᠎ᠠ ᠴ· ᠲᠤᠸᠠᠩ ᠳᠤ ᠢᠷᠡᠭᠦᠯᠦᠭ᠍ᠰᠡᠨ ᠪᠡᠢᠢᠨ᠎ᠡ ᠃
ᠬᠢᠲᠠᠳ ᠤᠨ ᠲᠠᠯ᠎ᠠ ᠬᠣᠶᠠᠷ ᠲᠠᠯ᠎ᠠ ᠶᠢᠨ ᠬᠠᠮᠲᠤ ᠶ᠋ᠢᠨ ᠠᠵᠢᠯᠯᠠᠭᠠᠨ ᠤ ᠲᠡᠦᠬᠡ ᠂ ᠬᠠᠤᠯᠢ ᠠ᠋ᠷᠭᠡ ᠵᠦᠢ ᠶᠢᠨ ᠲᠣᠭᠲᠠᠪᠤᠷᠢᠲᠠᠶ ᠪᠠᠢᠢᠳᠠᠯ ᠂ ᠦᠷ᠎ᠡ ᠠᠰᠢᠭ ᠲᠤ ᠬᠦᠷᠭᠡᠬᠦ ᠪᠠᠲᠤᠯᠠᠭ᠎ᠠ ᠲᠠᠢ ᠨᠥᠬᠦᠴᠡᠯ᠂ ᠤᠷᠲᠤ ᠬᠤᠭᠤᠴᠠᠭᠠᠨ ᠤ ᠬᠤᠳᠠᠯᠳᠤᠭᠠᠨ ᠤ ᠭᠡᠷ᠎ᠡ᠂ ᠲᠡᠮᠦᠷ ᠵᠠᠮ ᠤᠨ ᠬᠣᠯᠪᠣᠯᠲᠠ ᠵᠡᠷᠭᠡ ᠬᠡᠳᠦ ᠬᠡᠳᠦᠨ ᠲᠣᠳᠤᠷᠬᠠᠶ ᠰᠠᠨᠠᠯ ᠢ ᠲᠠᠯᠪᠢᠭ᠌ᠰᠠᠨ ᠠᠵᠠᠢ᠃ ᠬᠢᠯᠢ ᠬᠣᠯᠪᠣᠯᠲᠠ ᠶᠢᠨ ᠲᠡᠮᠦᠷ ᠵᠠᠮ ᠲᠠᠢ ᠪᠤᠯᠪᠠᠯ ᠨᠡᠭᠦᠷᠡᠰᠦᠨ ᠤ ᠡᠺᠰᠫᠣᠷᠲ ᠢ 120 ᠰᠠᠶ᠎ᠠ ᠲᠣᠨ ᠬᠦᠷᠭᠡᠬᠦ ᠪᠣᠯᠣᠮᠵᠢ ᠪᠦᠷᠢᠳᠬᠦ ᠶᠤᠮ ᠃