ᠮᠣᠩᠭᠣᠯ ᠤᠯᠤᠰ ᠤᠨ ᠶᠡᠷᠦᠩᠬᠡᠶ ᠰᠠᠢᠳ ᠯ· ᠤᠶᠤᠡᠡᠷᠳᠡᠨᠢ ᠠᠷᠠᠪ ᠤᠨ ᠨᠢᠭᠡᠳᠦᠭ᠍ᠰᠡᠨ ᠡᠮᠢᠷᠠᠲ ᠤᠯᠤᠰ ᠲᠤ ᠬᠢᠵᠦ ᠪᠤᠶ ᠠᠵᠢᠯ ᠤᠨ ᠠᠢᠯᠴᠢᠯᠠᠯ ᠤᠨ ᠢᠶᠠᠨ ᠦᠶ᠎ᠡ ᠪᠠᠷ ᠡᠨᠡ ᠰᠠᠷ᠎ᠠ ᠶᠢᠨ 5 ᠣ ᠡᠳᠦᠷ ᠲᠤᠰ ᠤᠯᠤᠰ ᠤᠨ ᠡᠷᠬᠢᠮ ᠲᠡᠭᠡᠳᠦ ᠶᠡᠷᠦᠩᠬᠡᠢᠢᠯᠡᠭ᠍ᠴᠢ ᠱᠠᠾ ᠮᠤᠬᠠᠮᠮᠧᠳ᠋ ᠪᠢᠩ ᠰᠠᠶ᠋ᠢᠳ᠋ ᠠᠯᠢ ᠨᠠᠾᠢᠶᠠᠨ ᠳᠤ ᠪᠠᠷᠠᠯᠠᠵᠤ᠂ ᠮᠣᠩᠭᠣᠯ᠂ ᠡᠮᠢᠷᠠᠲ ᠤᠨ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠦᠨ ᠬᠥᠭ᠍ᠵᠢᠭᠦᠯᠬᠦ ᠥᠷᠭᠡᠨ ᠬᠦᠷᠢᠶᠡᠨ ᠤ ᠠᠰᠠᠭᠤᠳᠠᠯ ᠢᠶᠠᠷ ᠶᠠᠷᠢᠯᠴᠠᠪᠠ ᠃
ᠠᠭᠤᠯᠵᠠᠯᠲᠠ ᠪᠡᠷ ᠶᠡᠷᠦᠩᠬᠡᠶ ᠰᠠᠢᠳ ᠯ· ᠤᠶᠤᠡᠡᠷᠳᠡᠨᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ 2024-2028 ᠣᠨ ᠤ ᠦᠢᠯᠡ ᠠᠵᠢᠯᠯᠠᠭᠠᠨ ᠤ ᠬᠥᠲᠥᠯᠪᠦᠷᠢ᠂ ᠵᠣᠷᠢᠯᠲᠠ ᠶᠢᠨ ᠲᠠᠯᠠᠭᠠᠷ ᠲᠠᠨᠢᠯᠴᠠᠭᠤᠯᠵᠤ᠂ ᠴᠢᠨᠠᠭᠰᠢᠳᠠ ᠬᠣᠶᠠᠷ ᠤᠯᠤᠰ ᠤᠨ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ᠂ ᠠᠭᠤᠯᠠ ᠠᠭᠤᠷᠬᠠᠢ ᠂ ᠡᠷᠦᠳᠡᠰᠦ ᠪᠡᠶᠡᠯᠢᠬ ᠂ ᠰᠡᠷᠭᠦᠭᠡᠭ᠍ᠳᠡᠬᠦ ᠡᠷᠴᠢᠮ ᠬᠦᠴᠦ ᠂ ᠬᠤᠳᠠ ᠪᠠᠢᠢᠭᠤᠯᠤᠯᠲᠠ᠂ ᠴᠠᠬᠢᠮ ᠬᠥᠭ᠍ᠵᠢᠯ᠂ ᠬᠥᠳᠡᠭᠡ ᠠᠵᠤ ᠠᠬᠤᠶ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠬᠠᠷᠢᠯᠴᠠᠨ ᠠᠰᠢᠭ ᠲᠠᠢ ᠬᠠᠮᠲᠤ ᠶ᠋ᠢᠨ ᠠᠵᠢᠯᠯᠠᠭ᠎ᠠ ᠶᠢ ᠬᠥᠭ᠍ᠵᠢᠭᠦᠯᠬᠦ ᠳᠤ ᠠᠴᠢ ᠬᠣᠯᠪᠣᠭᠳᠠᠯ ᠥᠭ᠍ᠴᠦ ᠪᠠᠢᠭ᠎ᠠ ᠪᠠᠨ ᠢᠯᠡᠷᠬᠡᠢᠯᠡᠪᠡ ᠃
ᠱᠠᠾ ᠮᠤᠬᠠᠮᠮᠧᠳ᠋ ᠪᠢᠩ ᠰᠠᠶ᠋ᠢᠳ᠋ ᠠᠯᠢ ᠨᠠᠾᠢᠶᠠᠨ ᠡᠳᠡᠭᠡᠷ ᠰᠠᠯᠪᠤᠷᠢ ᠳᠤ ᠬᠣᠶᠠᠷ ᠤᠯᠤᠰ ᠤᠨ ᠬᠠᠮᠲᠤ ᠶ᠋ᠢᠨ ᠠᠵᠢᠯᠯᠠᠭ᠎ᠠ ᠶᠢ ᠡᠷᠴᠢᠮᠵᠢᠭᠦᠯᠬᠦ ᠳᠦ ᠪᠦᠬᠦᠢ ᠯᠡ ᠲᠠᠯ᠎ᠠ ᠪᠠᠷ ᠳᠡᠮᠵᠢᠯᠭᠡ ᠦᠵᠡᠭᠦᠯᠬᠦ ᠪᠠᠨ ᠢᠯᠡᠷᠬᠡᠢᠯᠡᠭᠡᠳ ᠬᠣᠶᠠᠷ ᠲᠠᠯ᠎ᠠ ᠶᠢᠨ ᠬᠦᠴᠦᠨ ᠴᠢᠷᠮᠠᠢᠯᠲᠠ ᠪᠡᠷ ᠮᠣᠩᠭᠣᠯ ᠂ ᠡᠮᠢᠷᠠᠲ ᠤᠨ ᠬᠠᠷᠢᠯᠴᠠᠭ᠎ᠠ ᠂ ᠬᠠᠮᠲᠤ ᠶ᠋ᠢᠨ ᠠᠵᠢᠯᠯᠠᠭ᠎ᠠ ᠰᠢᠨ᠎ᠡ ᠱᠠᠲᠤᠨ ᠳᠤ ᠭᠠᠷᠤᠨ᠎ᠠ ᠭᠡᠳᠡᠭ ᠲᠤ ᠢᠲᠡᠭᠡᠯ ᠲᠠᠢ ᠪᠠᠢᠭ᠎ᠠ ᠶᠢ ᠲᠡᠮᠳᠡᠭ᠍ᠯᠡᠪᠡ ᠃