ᠡᠨᠡᠳᠬᠡᠭ ᠤᠨ ᠵᠠᠰᠠᠭ ᠤᠨ ᠭᠠᠵᠠᠷ ᠭᠸᠣᠯᠣᠭᠢ ᠂ ᠬᠠᠢᠢᠭᠤᠯ ᠤᠨ ᠰᠠᠯᠪᠤᠷᠢ ᠳᠤ ᠮᠠᠨ ᠤ ᠤᠯᠤᠰ ᠲᠠᠢ ᠬᠠᠮᠲᠤᠷᠠᠨ ᠠᠵᠢᠯᠯᠠᠬᠤ ᠪᠡᠷ ᠵᠡᠬᠡᠵᠦ ᠪᠠᠢᠭ᠎ᠠ ᠲᠤᠬᠠᠶ 《Reuters》ᠠᠭᠧᠨ᠋ᠲᠯᠢᠭ᠋ ᠮᠡᠳᠡᠭᠡᠯᠡᠯ᠎ᠡ᠃ ᠡᠨᠡᠳᠬᠡᠭ ᠡᠷᠴᠢᠮ ᠬᠦᠴᠦ᠂ ᠪᠠᠷᠢᠯᠭ᠎ᠠ᠂ ᠴᠠᠬᠢᠯᠭᠠᠨ ᠲᠡᠭᠡᠭᠡᠪᠦᠷᠢ ᠶᠢᠨ ᠭᠡᠷᠡᠭ᠍ᠰᠡᠯ ᠦᠢᠯᠡᠳᠪᠦᠷᠢᠯᠡᠬᠦ ᠵᠣᠷᠢᠯᠭ᠎ᠠ ᠪᠠᠷ ᠵᠡᠰ᠂ ᠭᠠᠩ ᠬᠠᠢᠯᠤᠭᠤᠯᠬᠤ ᠳᠤ ᠵᠣᠷᠢᠭᠤᠯᠵᠤ ᠺᠣᠺᠰᠵᠢᠬᠤ ᠨᠡᠭᠦᠷᠡᠰᠦ ᠶᠡᠬᠡ ᠪᠠᠷ ᠬᠤᠳᠠᠯᠳᠤᠨ ᠠᠪᠳᠠᠭ ᠃
ᠡᠢᠮᠦ ᠳᠤ ᠬᠣᠶᠠᠷ ᠲᠡᠯ᠎ᠠ ᠭᠸᠣᠯᠣᠭᠢ ᠂ ᠬᠠᠢᠢᠭᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠬᠠᠷᠢᠯᠴᠠᠨ ᠣᠢᠯᠠᠭᠠᠯᠴᠠᠯ ᠤᠨ ᠰᠠᠨᠠᠮᠵᠢ ᠪᠢᠴᠢᠭ ᠪᠠᠢᠭᠤᠯᠬᠤ ᠪᠡᠷ ᠲᠣᠬᠢᠷᠠᠯᠴᠠᠨ ᠲᠤᠡᠭ ᠤᠳᠠᠬᠤ ᠦᠭᠡᠢ ᠭᠠᠷ ᠤᠨ ᠦᠰᠦᠭ ᠵᠢᠷᠤᠬᠤ ᠪᠠᠷ ᠲᠥᠯᠥᠪᠯᠡᠵᠦ ᠪᠠᠢᠢᠭ᠎ᠠ ᠠᠵᠠᠢ᠃ ᠡᠨᠡᠳᠬᠡᠭ ᠤᠨ 《JSW Steel》ᠺᠤᠮᠫᠠᠨᠢ 30 ᠮᠢᠩᠭ᠎ᠠ ᠂ SAIL ᠺᠤᠮᠫᠠᠨᠢ ᠲᠠᠪᠤᠨ ᠮᠢᠩᠭᠠᠨ ᠲᠣᠨ ᠺᠣᠺᠰᠵᠢᠬᠤ ᠨᠡᠭᠦᠷᠡᠰᠦ ᠶᠢ 2024 ᠣᠨ ᠤ ᠳᠣᠯᠣᠳᠤᠭᠠᠷ ᠰᠠᠷ᠎ᠠ ᠳᠤ ᠮᠣᠩᠭᠣᠯ ᠠᠴᠠ ᠲᠤᠷᠰᠢᠯᠲᠠ ᠶᠢᠨ ᠵᠢᠷᠤᠮ ᠢᠶᠠᠷ ᠬᠤᠳᠠᠯᠳᠤᠨ ᠠᠪᠤᠭᠰᠠᠨ ᠪᠢᠯᠡ ᠃