ᠠᠮᠧᠷᠢᠺᠠ ᠶᠢᠨ ᠨᠢᠭᠡᠳᠦᠭ᠍ᠰᠡᠨ ᠤᠯᠤᠰ ᠤᠨ WSF︵ᠵᠡᠷᠯᠢᠭ ᠬᠣᠨᠢ ᠬᠠᠮᠡᠭᠠᠯᠡᠬᠤ ᠰᠠᠩ︶ ᠦᠨ ᠬᠢᠨ《ᠠᠷᠭᠠᠯᠢ ᠬᠣᠨᠢ ᠶᠢ ᠬᠠᠮᠡᠭᠠᠯᠡᠬᠤ ᠂ ᠣᠯᠠᠨ ᠤᠯᠤᠰ ᠤᠨ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ ᠦᠵᠡᠰᠬᠦᠯᠡᠩ – 2025 》 ᠶᠢ ᠨᠧᠸᠠᠳᠠ ᠮᠤᠵᠢ ᠳᠤ ᠡᠨᠡ ᠰᠠᠷ᠎ᠠ ᠶᠢᠨ 16 ᠳᠤ ᠵᠣᠬᠢᠶᠠᠨ ᠪᠠᠢᠭᠤᠯᠵᠠᠢ ᠃ ᠡᠨᠡ ᠦᠶ᠎ᠡ ᠪᠠᠷ ᠮᠣᠩᠭᠣᠯ ᠤᠯᠤᠰ ᠤᠨ ᠪᠠᠢᠭᠠᠯᠢ ᠣᠷᠴᠢᠨ ᠂ ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠶᠠᠮᠤᠨ ᠪᠤᠯᠦᠠ ᠮᠣᠩᠭᠣᠯ ᠤᠨ ᠠᠩ ᠠᠮᠢᠳᠡᠠ ᠰᠤᠳᠤᠯᠤᠯ ᠤᠨ ᠬᠣᠯᠪᠣᠭ᠎ᠠ ᠶᠢ 《ᠣᠯᠠᠨ ᠤᠯᠤᠰ ᠤᠨ ᠲᠥᠷᠦ ᠶᠢᠨ ᠲᠦᠰᠢᠶ᠎ᠠ 》ᠱᠠᠩᠨᠠᠯ ᠢᠶᠠᠷ ᠱᠠᠩᠨᠠᠭᠰᠠᠨ ᠪᠡᠢᠢᠨ᠎ᠡ ᠃
ᠱᠠᠩᠨᠠᠯ ᠢ ᠪᠠᠶᠢᠭᠠᠯᠢ ᠤᠷᠴᠢᠨ ᠠᠶᠠᠯᠠᠯ ᠵᠢᠭᠤᠯᠴᠢᠯᠠᠯ ᠤᠨ ᠶᠠᠮᠤᠨ ᠣ ᠪᠠᠢᠭᠠᠯᠢ ᠶᠢᠨ ᠨᠥᠭᠡᠴᠡ ᠶᠢᠨ ᠪᠣᠳᠣᠯᠭ᠎ᠠ ᠶᠢᠨ ᠬᠡᠷᠡᠭ᠍ᠵᠢᠯᠲᠡ ᠶᠢᠨ ᠭᠠᠵᠠᠷ ᠤᠨ ᠳᠠᠷᠤᠭ᠎ᠠ ᠴ∙ ᠤᠷᠠᠨ ᠴᠢᠮᠡᠭ ᠂ ᠭᠠᠳᠠᠭᠠᠳᠤ ᠬᠠᠮᠲᠤ ᠶ᠋ᠢᠨ ᠠᠵᠢᠯᠯᠠᠭᠠᠨ ᠤ ᠭᠠᠵᠠᠷ ᠤᠨ ᠳᠠᠷᠤᠭ᠎ᠠ ᠦ∙ᠡᠩᠬᠡ ᠲᠠᠢᠪᠤᠩ ᠂ ᠮᠣᠩᠭᠣᠯ ᠤᠨ ᠠᠩ ᠠᠩᠨᠠᠭᠤᠷ ᠤᠨ ᠬᠣᠯᠪᠤᠭᠠᠨ ᠤ ᠲᠡᠷᠢᠬᠦᠠ ᠂ ᠳ᠋ᠣᠺᠲ᠋ᠣᠷ ᠷ∙ᠰᠠᠮᠣᠶᠠ ᠂ ᠲᠤᠰ ᠬᠣᠯᠪᠤᠭᠠᠨ ᠤ ᠤᠳᠤᠷᠢᠳᠬᠤ ᠵᠥᠪᠯᠡᠯ ᠤᠨ ᠭᠡᠰᠢᠭᠦᠳ ᠭᠠᠷᠳᠠᠵᠠᠢ ᠃
ᠱᠠᠩᠨᠠᠯ ᠭᠠᠷᠳᠠᠭᠤᠯᠬᠤ ᠦᠶ᠎ᠡ ᠪᠠᠷ ᠠᠮᠧᠷᠢᠺᠠ ᠶᠢᠨ ᠨᠢᠭᠡᠳᠦᠭ᠍ᠰᠡᠨ ᠤᠯᠤᠰ ᠤᠨ WSF ᠤᠨ ᠲᠡᠷᠢᠬᠦᠠ᠄ ᠮᠣᠩᠭᠣᠯ ᠤᠯᠤᠰ ᠤᠨ ᠪᠠᠢᠭᠠᠯᠢ ᠬᠠᠮᠠᠭᠠᠯᠠᠯ ᠤᠨ ᠦᠢᠯᠡ ᠠᠵᠢᠯᠯᠠᠭ᠎ᠠ ᠨᠢ ᠳᠡᠯᠡᠬᠡᠢ ᠳ᠋ᠠᠬᠢᠨ ᠳᠤ ᠵᠢᠱᠢᠭ ᠪᠣᠯᠵᠤ᠂ ᠪᠠᠢᠭᠠᠯᠢ ᠶᠢᠨ ᠨᠥᠭᠡᠴᠡ ᠪᠡᠨ ᠬᠠᠮᠡᠭᠠᠯᠡᠬᠤ᠂ ᠵᠡᠷᠯᠢᠭ ᠠᠩ ᠠᠮᠢᠲᠠᠳ ᠢ ᠠᠭᠤᠯᠠᠨ ᠳᠤ ᠨᠤᠲᠤᠭᠰᠢᠭᠤᠯᠬᠤ ᠠᠵᠢᠯ ᠢ ᠦᠷ᠎ᠡ ᠳ᠋ᠦᠩ ᠲᠠᠢ ᠬᠡᠷᠡᠭ᠍ᠵᠢᠭᠦᠯᠵᠦ ᠪᠠᠢᠭᠠᠯᠢ ᠶᠢᠨ ᠨᠥᠭᠡᠴᠡ ᠶᠢᠨ ᠬᠠᠮᠲᠤ ᠶ᠋ᠢᠨ ᠮᠸᠨ᠋ᠸᠵᠮᠸᠨ᠋ᠲ ᠢ ᠬᠡᠷᠡᠭ᠍ᠵᠢᠭᠦᠯᠵᠦ ᠪᠠᠢᠭ᠎ᠠ ᠨᠢ ᠣᠨᠴᠤᠭᠤᠢ ᠠᠴᠢ ᠬᠣᠯᠪᠣᠭᠳᠠᠯ ᠲᠠᠢ ᠶᠤᠮ ᠭᠡᠵᠡᠢ ᠃