ᠭᠠᠳᠠᠭᠠᠳᠤ ᠬᠠᠷᠢᠯᠴᠠᠭᠠᠨ ᠤ ᠰᠠᠢᠳ ᠪ ∙ ᠪᠠᠲᠤᠴᠠᠴᠠᠭ᠌ ᠠᠶᠤᠯᠭᠦᠢ ᠪᠠᠢᠳᠠᠯ ᠤᠨ ᠠᠰᠠᠭᠤᠳᠠᠯ ᠤᠨ ᠮᠢᠶᠤᠩᠾᠧᠨ ᠤ ᠪᠡᠭ᠎ᠠ ᠬᠤᠷᠠᠯ ᠳᠤ ᠤᠷᠦᠯᠴᠡᠬᠤ ᠦᠶ᠎ᠡ ᠪᠡᠷ ᠢᠶᠡᠨ ᠡᠨᠡ ᠰᠠᠷ᠎ᠠ ᠶᠢᠨ 14 ᠳᠤ ᠳᠡᠯᠡᠬᠡᠢ ᠶᠢᠨ ᠡᠷᠡᠭᠦᠯ ᠮᠡᠨᠳᠦ ᠶᠢᠨ ᠪᠠᠢᠭᠤᠯᠤᠯᠭ᠎ᠠ ᠶᠢᠨ ᠶᠡᠷᠦᠩᠬᠡᠶ ᠵᠠᠬᠢᠷᠤᠯ ᠲᠧᠳ᠋ᠷᠤᠰ ᠭᠧᠪᠷᠧᠢᠰᠦᠰ ᠲᠠᠢ ᠠᠭᠤᠯᠵᠠᠪᠠ ᠃
ᠲᠡᠳᠡ ᠮᠣᠩᠭᠣᠯ ᠤᠯᠤᠰ᠂ ᠨᠢᠭᠡᠳᠦᠭ᠍ᠰᠡᠨ ᠦᠨᠳᠦᠰᠦᠨ ᠤ ᠪᠠᠢᠭᠤᠯᠤᠯᠭ᠎ᠠ ᠶᠢᠨ ᠬᠠᠷᠢᠯᠴᠠᠭ᠎ᠠ ᠂ ᠬᠠᠮᠲᠤ ᠶ᠋ᠢᠨ ᠠᠵᠢᠯᠯᠠᠭ᠎ᠠ ᠂ ᠮᠣᠩᠭᠣᠯ ᠤᠯᠤᠰ ᠤᠨ ᠡᠷᠡᠭᠦᠯ ᠮᠡᠨᠳᠦ ᠶᠢᠨ ᠰᠠᠯᠪᠤᠷᠢ ᠶᠢᠨ ᠥᠨᠦ ᠶᠢᠨ ᠨᠥᠬᠦᠴᠡᠯ ᠪᠠᠢᠢᠳᠠᠯ ᠂ ᠬᠡᠦᠬᠡᠳ ᠦᠳ ᠢ ᠬᠠᠨᠢᠶᠠᠳᠤ ᠲᠣᠮᠣᠭᠤᠨ ᠠᠴᠠ ᠬᠠᠮᠡᠭᠠᠯᠡᠬᠤ ᠂ ᠤᠷᠢᠳᠴᠢᠯᠠᠨ ᠰᠡᠷᠭᠡᠢᠯᠡᠬᠦ ᠳᠤ ᠬᠠᠮᠲᠤ ᠶ᠋ᠢᠨ ᠠᠵᠢᠯᠯᠠᠭ᠎ᠠ ᠪᠠᠨ ᠪᠡᠬᠢᠵᠢᠭᠦᠯᠬᠦ ᠪᠠᠷ ᠶᠠᠷᠢᠯᠴᠠᠵᠤ ᠂ ᠰᠠᠨᠠᠯ ᠰᠣᠯᠢᠯᠴᠠᠪᠠ ᠃