ᠣᠮᠠᠨ ᠤ ᠰᠤᠯᠲ᠋ᠠᠨᠲᠤ ᠤᠯᠤᠰ ᠤᠨ ᠭᠠᠳᠠᠭᠠᠳᠤ ᠬᠡᠷᠡᠭ ᠦᠨ ᠰᠠᠢᠳ ᠪᠠᠳᠡᠷ ᠪᠢᠩ ᠬᠠᠮᠠᠳ᠋ ᠪᠢᠩ ᠬᠠᠮᠤᠳ᠋ ᠠᠯᠢ ᠪᠤᠰᠠᠶ᠋ᠢᠳ᠋ ᠤᠨ ᠤᠷᠢᠯᠭ᠎ᠠ ᠪᠠᠷ ᠭᠠᠳᠠᠭᠠᠳᠤ ᠬᠠᠷᠢᠯᠴᠠᠭᠠᠨ ᠤ ᠰᠠᠢᠳ ᠪ ∙ ᠪᠠᠲᠦᠴᠠᠴᠠᠭ᠌ ᠣᠮᠠᠨ ᠤ ᠰᠤᠯᠲ᠋ᠠᠨᠲᠤ ᠤᠯᠤᠰ ᠲᠤ ᠡᠨᠡ ᠰᠠᠷ᠎ᠠ ᠶᠢᠨ 18-20 ᠳᠤ ᠠᠯᠪᠠᠨ ᠶᠣᠰᠣᠨ ᠤ ᠠᠢᠯᠴᠢᠯᠠᠯ ᠬᠢᠨ᠎ᠡ ᠃
ᠠᠢᠯᠴᠢᠯᠠᠯ ᠤᠨ ᠦᠶ᠎ᠡ ᠪᠠᠷ ᠭᠠᠳᠠᠭᠠᠳᠤ ᠬᠠᠷᠢᠯᠴᠠᠭᠠᠨ ᠤ ᠰᠠᠢᠳ ᠪ ∙ ᠪᠠᠲᠦᠴᠠᠴᠠᠭ᠌ ᠣᠮᠠᠨ ᠤ ᠭᠠᠳᠠᠭᠠᠳᠤ ᠬᠡᠷᠡᠭ ᠦᠨ ᠰᠠᠢᠳ ᠲᠠᠢ ᠠᠯᠪᠠᠨ ᠶᠣᠰᠣᠨ ᠤ ᠬᠡᠯᠡᠯᠴᠡᠭᠡ ᠬᠢᠵᠦ᠂ ᠲᠤᠰ ᠤᠯᠤᠰ ᠤᠨ ᠰᠠᠢᠢᠳ ᠨᠠᠷ ᠤᠨ ᠵᠥᠪᠯᠡᠯ ᠤᠨ ᠠᠰᠠᠭᠤᠳᠠᠯ ᠡᠷᠬᠢᠯᠡᠭ᠍ᠰᠡᠨ ᠰᠢᠳᠠᠷ ᠰᠠᠢᠳ᠂ ᠬᠤᠳᠠᠯᠳᠤᠭ᠎ᠠ᠂ ᠠᠵᠤ ᠦᠢᠯᠡᠳᠪᠦᠷᠢ᠂ ᠬᠥᠷᠥᠩᠭᠡ ᠣᠷᠤᠭᠤᠯᠤᠯᠲᠠ ᠶᠢ ᠳᠡᠮᠵᠢᠬᠦ ᠰᠠᠢᠳ ᠪᠤᠯᠦᠠ ᠣᠮᠠᠨ ᠤ ᠬᠥᠷᠥᠩᠭᠡ ᠣᠷᠤᠭᠤᠯᠤᠯᠲᠠ ᠶᠢᠨ ᠭᠠᠵᠠᠷ ᠤᠨ ᠤᠳᠤᠷᠢᠳᠤᠯᠭ᠎ᠠ ᠲᠠᠢ ᠲᠤᠰ ᠲᠤᠰ ᠠᠭᠤᠯᠵᠠᠯᠲᠠ ᠬᠢᠬᠦ ᠪᠡᠷ ᠲᠥᠯᠥᠪᠯᠡᠵᠦ ᠪᠡᠢᠢᠨ᠎ᠡ᠃ ᠠᠭᠤᠯᠵᠠᠯᠲᠠ᠂ ᠶᠠᠷᠢᠶ᠎ᠠ ᠬᠡᠯᠡᠯᠴᠡᠭᠡᠨ ᠦ ᠦᠶ᠎ᠡ ᠪᠠᠷ ᠰᠡᠭᠦᠯ ᠦᠨ ᠵᠢᠯ ᠳᠤ ᠡᠷᠴᠢᠮᠵᠢᠵᠦ ᠪᠤᠶ ᠬᠣᠶᠠᠷ ᠤᠯᠤᠰ ᠤᠨ ᠬᠠᠷᠢᠯᠴᠠᠭᠠᠨ ᠤ ᠡᠷᠴᠢ ᠶᠢ ᠬᠠᠳᠠᠭᠠᠯᠠᠬᠤ᠂ ᠬᠠᠮᠲᠤ ᠶ᠋ᠢᠨ ᠠᠵᠢᠯᠯᠠᠭ᠎ᠠ ᠶᠢ ᠬᠤᠳᠠᠯᠳᠤᠭ᠎ᠠ ᠂ ᠬᠥᠷᠥᠩᠭᠡ ᠣᠷᠤᠭᠤᠯᠤᠯᠲᠠ᠂ ᠡᠳ᠋ ᠦᠨ ᠵᠠᠰᠠᠭ᠂ ᠠᠭᠤᠯᠠ ᠠᠭᠤᠷᠬᠠᠢ᠂ ᠡᠷᠴᠢᠮ ᠬᠦᠴᠦ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ᠂ ᠮᠥᠨ ᠣᠯᠠᠨ ᠤᠯᠤᠰ᠂ ᠪᠦᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠤᠳ ᠢᠶᠠᠷ ᠰᠠᠨᠠᠯ ᠰᠣᠯᠢᠯᠴᠠᠨ᠎ᠠ ᠃ ᠡᠨᠡ ᠬᠦ ᠠᠢᠯᠴᠢᠯᠠᠯ ᠨᠢ ᠭᠠᠳᠠᠭᠠᠳᠤ ᠬᠡᠷᠡᠭ ᠦᠨ ᠰᠠᠢᠳ ᠤᠨ ᠲᠦᠪᠰᠢᠨ ᠳᠦ ᠲᠤᠰ ᠤᠯᠤᠰ ᠲᠤ 30 ᠣᠷᠴᠢᠮ ᠵᠢᠯ ᠦᠨ ᠳᠠᠷᠠᠭ᠎ᠠ ᠬᠢᠭ᠍ᠳᠡᠬᠦ ᠭᠡᠵᠦ ᠪᠣᠢ ᠠᠢᠯᠴᠢᠯᠠᠯ ᠶᠤᠮ ᠃