ᠮᠣᠩᠭᠣᠯ ᠤᠯᠤᠰ ᠤᠨ ᠲᠡᠭᠡᠳᠦ ᠪᠣᠯᠪᠠᠰᠤᠷᠠᠯ ᠤᠨ ᠰᠤᠷᠭᠠᠯᠲᠠ ᠶᠢᠨ ᠪᠠᠢᠭᠤᠯᠤᠯᠭ᠎ᠠ ᠳᠤ ᠡᠯᠰᠡᠨ ᠰᠤᠷᠤᠯᠴᠠᠭ᠌ᠴᠢᠳ ᠤᠨ ᠡᠬᠡ ᠬᠡᠯᠡᠨ ᠤ ᠪᠣᠯᠪᠠᠰᠤᠷᠠᠯ ᠤᠨ ᠴᠢᠨᠠᠷ ᠲᠠᠢ ᠬᠡᠷᠡᠭ᠍ᠯᠡᠭᠡ᠂ ᠢᠷᠭᠡᠳ ᠦᠨ ᠬᠠᠷᠢᠯᠴᠠᠭᠠᠨ ᠤ ᠰᠤᠶᠦᠯ᠂ ᠡᠬᠡ ᠬᠡᠯᠡᠨ ᠤ ᠳᠠᠷᠬᠠᠯᠠᠭᠠᠨ ᠤ ᠲᠦᠪᠰᠢᠨ ᠲᠤᠬᠳᠡᠭᠠᠬᠤ 《ᠮᠣᠩᠭᠣᠯ ᠬᠡᠯᠡ ᠪᠢᠴᠢᠭ ᠤᠨ ᠰᠢᠯᠭᠠᠯᠲᠠ 》ᠵᠡᠢᠯᠡᠰᠢ ᠦᠭᠡᠢ ᠥᠭ᠍ᠴᠦ᠂ 400 ᠣᠨᠣᠭ᠎ᠠ ᠶᠢ ᠳᠠᠪᠠᠭᠰᠠᠨ ᠲᠣᠬᠢᠶᠠᠯᠳᠤᠯ ᠳᠤ ᠶᠡᠭᠡ ᠂ ᠲᠡᠭᠡᠳᠦ ᠰᠤᠷᠭᠠᠭᠤᠯᠢ ᠳᠤ ᠡᠯᠰᠡᠨ ᠰᠤᠷᠦᠯᠴᠡᠬᠤ ᠪᠣᠯᠣᠮᠵᠢ ᠪᠦᠷᠢᠳᠳᠡᠭ᠃ ᠤᠭ ᠰᠢᠯᠭᠠᠯᠲᠠ ᠶᠢ ᠵᠥᠪᠬᠡᠨ 12 ᠳ᠋ᠤᠭᠠᠷ ᠠᠩᠭᠢ ᠳᠠᠭᠠᠨ ᠦᠭ᠍ᠬᠦ ᠪᠣᠯᠣᠮᠵᠢ ᠲᠠᠢ ᠪᠠᠢᠭᠰᠠᠨ ᠢ ᠥᠭᠡᠷᠡᠴᠢᠯᠡᠵᠦ᠂ 10 ᠳ᠋ᠤᠭᠠᠷ ᠠᠩᠭᠢ ᠠᠴᠠ ᠡᠬᠢᠯᠡᠨ ᠰᠢᠯᠭᠠᠭᠤᠯᠬᠤ ᠪᠣᠯᠣᠮᠵᠢ ᠲᠠᠢ ᠪᠣᠯᠵᠠᠢ ᠃
ᠤᠭ ᠠᠰᠠᠭᠤᠳᠠᠯ ᠢᠶᠠᠷ ᠪᠣᠯᠪᠠᠰᠤᠷᠠᠯ ᠤᠨ ᠦᠨᠡᠯᠡᠭᠡᠨ ᠤ ᠲᠥᠪ ᠦᠨ ᠵᠠᠬᠢᠷᠤᠯ ᠭᠠᠩᠲᠤᠶᠠᠭ᠎ᠠ᠄《ᠳᠥᠷᠪᠡᠳᠦᠭᠡᠷ ᠰᠠᠷ᠎ᠠ ᠶᠢᠨ 17-19 ᠳᠤ ᠵᠣᠬᠢᠶᠠᠨ ᠪᠠᠢᠭᠤᠯᠤᠭᠳᠠᠬᠤ ᠡᠯᠰᠡᠯᠲᠡ ᠶᠢᠨ ᠰᠢᠯᠭᠠᠯᠲᠠ ᠶᠢᠨ ᠦᠶ᠎ᠡ ᠪᠠᠷ 10,11 ᠳ᠋ᠤᠭᠡᠷ ᠠᠩᠭᠢ ᠶᠢᠨ ᠬᠡᠦᠬᠡᠳ ᠦᠳ ᠮᠣᠩᠭᠣᠯ ᠬᠡᠯᠡ ᠪᠢᠴᠢᠭ ᠤᠨ ᠰᠢᠯᠭᠠᠯᠲᠠ ᠪᠠᠨ ᠥᠭ᠍ᠴᠦ ᠪᠣᠯᠤᠨ᠎ᠠ᠃ ᠬᠡᠷᠪᠡ ᠪᠣᠱᠤᠭ᠎ᠠ ᠣᠨᠤᠭ᠎ᠠ ᠨᠢ 400 ᠬᠦᠷᠴᠢᠬᠡᠬᠦ ᠶᠤᠮ ᠪᠣᠯ ᠰᠢᠯᠭᠠᠯᠲᠠ ᠶᠢᠨ ᠳ᠋ᠦᠩ ᠢᠶᠡᠨ ᠨᠠᠰᠦᠨ ᠲᠤᠷᠰᠢ ᠳᠠᠭᠠᠨ ᠠᠰᠢᠭ᠌ᠯᠠᠬᠤ ᠪᠣᠯᠣᠮᠵᠢ ᠲᠠᠢ᠃ 400 ᠤᠨᠤᠭ᠎ᠠ ᠳᠤ ᠬᠦᠷᠦᠬᠡᠡ᠋ ᠦᠭᠡᠢ ᠪᠣᠯ 12 ᠳ᠋ᠤᠭᠠᠷ ᠠᠩᠭᠢ ᠲᠡᠭᠦᠰᠬᠦ ᠳᠦ ᠪᠡᠨ ᠰᠢᠯᠭᠠᠯᠲᠠ ᠦᠭ᠍ᠬᠦ ᠪᠣᠯᠣᠮᠵᠢ ᠲᠠᠢ》ᠭᠡᠪᠡ ᠃