ᠮᠣᠩᠭᠣᠯ ᠤᠯᠤᠰ ᠤᠨ ᠵᠠᠰᠠᠭ ᠤᠨ ᠭᠠᠵᠠᠷ 《 сенчири IV》ᠲᠥᠰᠥᠯ ᠦᠨ ᠬᠦᠷᠢᠶᠡᠨ ᠳᠤ 6.625 ᠬᠤᠪᠢ ᠶᠢᠨ ᠬᠦᠦ ᠲᠠᠢ ᠂ ᠲᠠᠪᠤᠨ ᠵᠢᠯ ᠦᠨ ᠬᠤᠭᠤᠴᠠᠭ᠎ᠠ ᠲᠠᠢ 500 ᠰᠠᠶ᠎ᠠ ᠳ᠋ᠣᠯᠯᠠᠷ ᠤᠨ ᠪᠣᠨᠳ᠋ ᠭᠠᠷᠭᠠᠵᠤ᠂ ᠣᠯᠠᠨ ᠤᠯᠤᠰ ᠤᠨ ᠰᠠᠩᠬᠦᠦ ᠶᠢᠨ ᠵᠠᠬ᠎ᠠ ᠵᠡᠭᠡᠯᠢ ᠳᠤ ᠠᠷᠠᠯᠵᠢᠶᠠᠯᠠᠵᠤ ᠡᠬᠢᠯᠡᠯ᠎ᠡ᠃
ᠰᠢᠨ᠎ᠡ ᠪᠠᠷ ᠭᠠᠷᠭᠠᠭᠰᠠᠨ ᠪᠤᠨᠳ᠋ ᠢ ᠬᠤᠳᠠᠯᠳᠤᠨ ᠠᠪᠬᠤ ᠠᠩᠬᠠᠳᠠᠭ᠌ᠴᠢ ᠵᠠᠬᠢᠶᠠᠯᠠᠭ᠎ᠠ ᠠᠷᠠᠯᠵᠢᠶᠠᠯᠠᠬᠤ ᠬᠡᠮᠵᠢᠶᠡᠨ ᠡᠴᠡ 8.2 ᠳᠠᠬᠢᠨ ᠨᠡᠮᠡᠭ᠍ᠳᠡᠭ᠍ᠰᠡᠨ ᠢᠶᠡᠷ 4.1 ᠲᠡᠷᠪᠤᠮ ᠳ᠋ᠣᠯᠯᠠᠷ ᠲᠤ ᠬᠦᠷᠪᠡ᠃ ᠡᠭᠦᠨ ᠲᠠᠢ ᠬᠣᠯᠪᠣᠭ᠎ᠠ ᠲᠠᠢ ᠮᠠᠨ ᠤ ᠤᠯᠤᠰ ᠤᠨ ᠪᠣᠨᠳ᠋ ᠤᠨ ᠡᠷᠡᠰᠳᠡᠯ 2.27 ᠬᠤᠪᠢ ᠬᠦᠷᠳᠡᠯ᠎ᠠ ᠪᠠᠭᠤᠷᠠᠵᠤ ᠂ ᠪᠣᠨᠳ᠋ ᠤᠨ ᠬᠦᠦ ᠶᠢ ᠵᠠᠬ᠎ᠠ ᠵᠡᠭᠡᠯᠢ ᠶᠢᠨ ᠬᠦᠦ ᠡᠴᠡ ᠳᠣᠭᠤᠤᠷ ᠲᠤᠬᠳᠡᠭᠠᠬᠤ ᠪᠣᠯᠣᠮᠵᠢ ᠪᠦᠷᠢᠳᠦᠭ᠍ᠰᠡᠨ ᠪᠡᠢᠨ᠎ᠡ᠃ ᠢᠩᠭᠢᠵᠦ ᠥᠷᠢ ᠶᠢᠨ ᠲᠣᠭᠲᠠᠪᠤᠷᠢᠲᠠᠶ ᠪᠠᠢᠳᠠᠯ ᠢ ᠰᠠᠢᠵᠢᠷᠠᠭᠤᠯᠤᠭᠰᠠᠨ ᠢᠶᠠᠷ《 ᠨᠤᠮᠠᠳ᠋ 》ᠪᠣᠨᠳ᠋ ᠤᠨ ᠦᠯᠡᠳᠡᠭ᠍ᠳᠡᠯ ᠲᠥᠯᠥᠪᠦᠷᠢ ᠶᠢ ᠲᠥᠰᠥᠪ ᠂ ᠡᠳ᠋ ᠤᠨ ᠵᠠᠰᠠᠭ ᠲᠤ ᠳᠠᠷᠤᠮᠲᠠ ᠦᠭᠡᠢ ᠪᠡᠷ ᠲᠥᠯᠥᠬᠦ ᠪᠣᠯᠣᠮᠵᠢ ᠲᠠᠢ ᠪᠣᠯᠪᠠ ᠃