ᠴᠡᠩᠭᠡᠯᠲᠡᠢ ᠳᠡᠭᠦᠷᠭᠡ ᠶ᠋ᠢᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠶ᠋ᠢᠨ ᠰᠤᠷᠤᠭᠴᠢᠳ ᠊ᠢ ᠤᠰᠤᠨ ᠰᠡᠯᠢᠯᠲᠡ ᠶ᠋ᠢᠨ ᠰᠠᠭᠤᠷᠢ ᠮᠡᠳᠡᠯᠭᠡ ᠲᠡᠢ ᠪᠣᠯᠭᠠᠬᠤ ᠵᠣᠷᠢᠯᠭ᠎ᠠ ᠪᠠᠷ ᠰᠤᠷᠭᠠᠯᠲᠠ ᠳ᠋ᠤ ᠬᠠᠮᠤᠷᠤᠭᠤᠯᠵᠤ᠂ ᠳᠡᠭᠦᠷᠭᠡ ᠶ᠋ᠢᠨ ᠰᠫᠣᠷᠲ ᠤᠨ ᠬᠣᠷᠢᠶᠠᠨ ᠤ ᠪᠠᠰᠰᠧᠢᠨ ᠳ᠋ᠤ ᠦᠨ᠎ᠡ ᠲᠥᠯᠥᠪᠦᠷᠢ ᠦᠭᠡᠢ ᠪᠠᠷ ᠬᠢᠴᠢᠶᠡᠯᠯᠡᠵᠦ ᠡᠬᠢᠯᠡᠭ᠍ᠰᠡᠨ ᠪᠠᠢᠨ᠎ᠠ᠃ ᠡᠨᠡ ᠬᠦᠷᠢᠶᠡᠨ ᠳ᠋ᠦ 19 ᠰᠤᠷᠭᠠᠭᠤᠯᠢ ᠶ᠋ᠢᠨ ᠳᠤᠮᠳᠠ ᠠᠩᠬᠢ ᠶ᠋ᠢᠨ 800 ᠬᠡᠦᠬᠡᠳ ᠊ᠢ ᠬᠠᠮᠤᠷᠤᠭᠤᠯᠵᠠᠢ᠃ ᠢᠷᠡᠬᠦ ᠶᠢᠰᠦᠳᠦᠭᠡᠷ ᠰᠠᠷ᠎ᠠ ᠠᠴᠠ ᠳᠠᠬᠢᠨ 800 ᠬᠡᠦᠬᠡᠳ ᠊ᠢ ᠬᠠᠮᠤᠷᠤᠭᠤᠯᠬᠤ ᠠᠵᠠᠢ᠃