ᠰᠠᠷ᠎ᠠ ᠰᠢᠨ᠎ᠡ ᠶ᠋ᠢᠨ ᠪᠠᠶᠠᠷ ᠲᠤ ᠵᠣᠷᠢᠭᠤᠯᠤᠭᠰᠠᠨ ᠴᠤᠪᠤᠷᠠᠯ ᠪᠠᠷᠢᠯᠳᠤᠭᠠᠨ ᠤ ᠬᠠᠮᠤᠭ ᠤᠨ ᠡᠬᠢᠨ ᠦ ᠥᠰᠪᠥᠷᠢ ᠶ᠋ᠢᠨ ᠪᠥᠬᠡ ᠶ᠋ᠢᠨ ᠪᠠᠷᠢᠯᠳᠤᠭᠠᠨ ᠊ᠢ ᠭᠤᠷᠪᠠᠨ ᠨᠠᠰᠤᠨ ᠤ ᠠᠩᠭᠢᠯᠠᠯ ᠳ᠋ᠤ ᠠᠮᠵᠢᠯᠲᠠ ᠲᠠᠢ ᠵᠣᠬᠢᠶᠠᠨ ᠪᠠᠢᠭᠤᠯᠵᠠᠢ᠃ ᠤᠭ ᠪᠠᠷᠢᠯᠳᠤᠭᠠᠨ ᠤ 11—12 ᠨᠠᠰᠤᠨ ᠳ᠋ᠤ 64 ᠪᠥᠬᠡ ᠪᠠᠷᠢᠯᠳᠤᠵᠤ᠂ ᠡᠮᠦᠨᠡᠭᠣᠪᠢ ᠠᠢᠮᠠᠭ ᠤᠨ ᠴᠣᠭᠲᠤᠴᠡᠴᠡᠢ ᠰᠤᠮᠤ ᠶ᠋ᠢᠨ ᠬᠠᠷᠢᠶᠠᠲᠤ᠂ ᠥᠰᠪᠥᠷᠢ ᠶ᠋ᠢᠨ ᠪᠥᠬᠡ ᠠ᠊᠂ ᠠᠯᠲᠠᠨᠡᠷᠳᠡᠨᠢ ᠲᠡᠷᠢᠭᠦᠯᠡᠵᠡᠢ᠃