ᠮᠣᠩᠭᠣᠯ ᠤᠯᠤᠰ ᠤᠨ ᠶᠡᠭᠡ ᠬᠤᠷᠠᠯ ᠤᠨ ᠳᠠᠷᠤᠭ᠎ᠠ ᠳ∙ ᠠᠮᠤᠷᠪᠠᠶᠠᠰᠬᠤᠯᠠᠩ ᠤᠨ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠲᠤ ᠬᠢᠵᠦ ᠪᠤᠶ ᠠᠯᠪᠠᠨ ᠶᠣᠰᠣᠨ ᠤ ᠠᠢᠯᠴᠢᠯᠠᠯ ᠦᠷᠭᠦᠯᠵᠢᠯᠡᠵᠦ ᠪᠡᠢᠨ᠎ᠡ᠃ ᠲᠡᠷᠡ ᠪᠡᠷ ᠡᠨᠡ ᠰᠠᠷ᠎ᠠ ᠶᠢᠨ 25 ᠳᠤ ᠪᠦᠬᠦ ᠬᠢᠲᠠᠳ ᠤᠨ ᠠᠷᠠᠳ ᠤᠨ ᠲᠥᠯᠥᠭᠡᠯᠡᠭ᠍ᠴᠢᠳ ᠦᠨ ᠶᠡᠭᠡ ᠬᠤᠷᠠᠯ ᠤᠨ ᠪᠠᠢᠩᠭᠤ ᠶᠢᠨ ᠬᠣᠷᠢᠶᠠᠨ ᠤ ᠳᠠᠷᠤᠭ᠎ᠠ ᠵᠤᠦ ᠯᠧ ᠵᠢᠢ ᠲᠠᠢ ᠠᠯᠪᠠᠨ ᠶᠣᠰᠣᠨ ᠤ ᠠᠭᠤᠯᠵᠠᠯᠲᠠ ᠬᠢᠯ᠎ᠡ᠃
ᠠᠭᠤᠯᠵᠠᠯᠲᠠ ᠶᠢᠨ ᠡᠬᠢᠨ ᠳᠤ ᠪᠦᠬᠦ ᠬᠢᠲᠠᠳ ᠤᠨ ᠠᠷᠠᠳ ᠤᠨ ᠲᠥᠯᠥᠭᠡᠯᠡᠭ᠍ᠴᠢᠳ ᠦᠨ ᠶᠡᠭᠡ ᠬᠤᠷᠠᠯ ᠤᠨ ᠪᠠᠢᠩᠭᠤ ᠶᠢᠨ ᠬᠣᠷᠢᠶᠠᠨ ᠤ ᠳᠠᠷᠤᠭ᠎ᠠ ᠵᠤᠦ ᠯᠧ ᠵᠢᠢ ᠮᠣᠩᠭᠣᠯ ᠤᠯᠤᠰ ᠤᠨ ᠶᠡᠭᠡ ᠬᠤᠷᠠᠯ ᠤᠨ ᠳᠠᠷᠤᠭ᠎ᠠ ᠳ∙ ᠠᠮᠤᠷᠪᠠᠶᠠᠰᠬᠤᠯᠠᠩ ᠢ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠲᠤ ᠠᠢᠯᠴᠢᠯᠠᠵᠤ ᠪᠤᠢ ᠳ᠋ᠤ ᠪᠡᠶᠡᠷ ᠲᠠᠢ ᠪᠡᠢᠨ᠎ᠡ ᠭᠡᠳ᠂ ᠠᠭᠤᠯᠠ ᠤᠰᠤ ᠪᠡᠷ ᠬᠣᠯᠪᠣᠭᠳᠠᠭᠰᠠᠨ ᠰᠠᠢᠨ ᠬᠦᠷᠰᠢ ᠮᠣᠩᠭᠣᠯ ᠤᠯᠤᠰ ᠲᠠᠢ ᠰᠡᠭᠦᠯ ᠦᠨ ᠵᠢᠯ ᠤᠳ ᠲᠤ ᠬᠠᠷᠢᠯᠴᠠᠭ᠎ᠠ᠂ ᠬᠠᠮᠲᠤ ᠶ᠋ᠢᠨ ᠠᠵᠢᠯᠯᠠᠭ᠎ᠠ ᠪᠦᠬᠦᠢᠯᠡ ᠰᠠᠯᠪᠤᠷᠢ ᠳᠤ ᠢᠳᠡᠪᠬᠢᠲᠡᠢ ᠭᠦᠨᠵᠡᠭᠡᠢᠷᠡᠨ ᠬᠥᠭ᠍ᠵᠢᠵᠦ ᠪᠤᠢ ᠳ᠋ᠤ ᠰᠡᠦᠡᠬᠢᠯ ᠬᠠᠩᠭᠠᠯᠤᠭᠤᠨ ᠪᠠᠢᠭ᠎ᠠ ᠪᠠᠨ ᠢᠯᠡᠷᠬᠡᠢᠯᠡᠪᠡ᠃ ᠲᠡᠷᠡ ᠪᠡᠷ ᠬᠣᠶᠠᠷ ᠤᠯᠤᠰ ᠤᠨ ᠲᠡᠭᠡᠳᠦ ᠂ ᠦᠡᠳᠦᠷ ᠲᠦᠪᠰᠢᠨ ᠦ ᠬᠠᠷᠢᠯᠴᠠᠨ ᠠᠢᠯᠴᠢᠯᠠᠯ᠂ ᠶᠠᠷᠢᠶ᠎ᠠ ᠬᠡᠯᠡᠯᠴᠡᠭᠡ᠂ ᠠᠭᠤᠯᠵᠠᠯᠲᠠ ᠶᠢᠨ ᠳᠠᠪᠲᠠᠮᠵᠢ ᠨᠡᠮᠡᠭ᠍ᠳᠡᠵᠦ᠂ ᠰᠲᠷᠡᠲᠸᠬᠢ ᠬᠥᠭ᠍ᠵᠢᠯ ᠤᠨ ᠵᠣᠷᠢᠯᠲᠠ ᠪᠠᠨ ᠬᠠᠷᠢᠯᠴᠠᠨ ᠤᠶᠠᠯᠳᠤᠭᠤᠯᠵᠤ᠂ ᠬᠤᠳᠠᠯᠳᠤᠭ᠎ᠠ᠂ ᠡᠳ᠋ ᠦᠨ ᠵᠠᠰᠠᠭ ᠤᠨ ᠰᠠᠯᠪᠤᠷᠢ ᠳ᠋ᠡᠬᠢ ᠬᠠᠷᠢᠯᠴᠠᠨ ᠠᠰᠢᠭ ᠲᠠᠢ ᠬᠠᠮᠲᠤ ᠶ᠋ᠢᠨ ᠠᠵᠢᠯᠯᠠᠭ᠎ᠠ ᠤᠯᠠᠮ ᠲᠡᠯᠡᠵᠦ ᠪᠠᠢᠭ᠎ᠠ ᠶᠢ ᠲᠡᠮᠳᠡᠭ᠍ᠯᠡᠭᠡᠳ᠂ ᠴᠢᠨᠠᠭᠰᠢᠳᠠ ᠬᠣᠶᠠᠷ ᠤᠯᠤᠰ ᠤᠨ ᠢᠵᠢ ᠪᠦᠷᠢᠠ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭ᠎ᠠ ᠶᠢ ᠲᠣᠭᠲᠠᠪᠤᠷᠢᠲᠠᠶ ᠬᠥᠭ᠍ᠵᠢᠭᠦᠯᠬᠦ ᠳᠤ ᠢᠳᠡᠪᠬᠢ ᠰᠠᠨᠠᠭᠠᠴᠢᠯᠭ᠎ᠠ ᠲᠠᠢ ᠠᠵᠢᠯᠯᠠᠬᠤ ᠪᠠᠨ ᠣᠨᠴᠠᠯᠠᠪᠠ ᠃
ᠮᠣᠩᠭᠣᠯ ᠤᠯᠤᠰ ᠤᠨ ᠶᠡᠭᠡ ᠬᠤᠷᠠᠯ ᠤᠨ ᠳᠠᠷᠤᠭ᠎ᠠ ᠳ ∙ ᠠᠮᠤᠷᠪᠠᠶᠠᠰᠬᠤᠯᠠᠩ ᠤᠯᠤᠰ ᠤᠨ ᠶᠡᠭᠡ ᠬᠤᠷᠠᠯ ᠤᠨ ᠳᠠᠷᠤᠭ᠎ᠠ ᠶᠢᠨ ᠬᠤᠪᠢ ᠪᠠᠷ ᠭᠠᠳᠠᠭᠠᠳᠤ ᠠᠢᠯᠴᠢᠯᠠᠯ ᠢᠶᠠᠨ ᠮᠥᠩᠬᠡ ᠶᠢᠨ ᠬᠦᠷᠰᠢ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠠᠴᠠ ᠡᠬᠢᠯᠡᠵᠦ ᠪᠣᠢ ᠳᠠᠭᠠᠨ ᠪᠡᠶᠡᠷ ᠲᠠᠢ ᠪᠠᠢᠭ᠎ᠠ ᠪᠠᠨ ᠢᠯᠡᠷᠬᠡᠢᠯᠡᠵᠦ᠂ ᠮᠣᠩᠭᠣᠯ ᠤᠯᠤᠰ ᠤᠨ ᠶᠡᠷᠦᠩᠬᠡᠢᠢᠯᠡᠭ᠍ᠴᠢ ᠤ ∙ ᠬᠦᠷᠡᠯᠰᠦ᠋ᠬᠡ ᠠᠴᠠ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ ᠫᠢᠩ ᠪᠤᠯᠦᠠ ᠪᠦᠬᠦ ᠬᠢᠲᠠᠳ ᠤᠨ ᠠᠷᠠᠳ ᠤᠨ ᠲᠥᠯᠥᠭᠡᠯᠡᠭ᠍ᠴᠢᠳ ᠦᠨ ᠶᠡᠭᠡ ᠬᠤᠷᠠᠯ ᠤᠨ ᠪᠠᠢᠩᠭᠤ ᠶᠢᠨ ᠬᠣᠷᠢᠶᠠᠨ ᠤ ᠳᠠᠷᠤᠭ᠎ᠠ ᠵᠤᠦ ᠯᠧ ᠵᠢᠢ ᠳᠦ ᠮᠡᠨᠳᠦᠴᠢᠯᠡᠭᠡ ᠳᠡᠪᠰᠢᠭᠦᠯᠦᠭ᠍ᠰᠡᠨ ᠢ ᠤᠯᠠᠮᠵᠢᠯᠠᠪᠠ᠃ ᠲᠡᠷᠡ ᠪᠡᠷ ᠮᠣᠩᠭᠣᠯ ᠬᠢᠲᠠᠳ ᠤᠨ ᠢᠵᠢ ᠪᠦᠷᠢᠠ ᠰᠲᠷᠠᠲ᠋ᠧᠭᠢ ᠶᠢᠨ ᠲᠦᠩᠰᠢᠯᠡᠯ ᠦᠨ ᠬᠠᠷᠢᠯᠴᠠᠭᠠᠨ ᠳᠤ ᠬᠣᠶᠠᠷ ᠤᠯᠤᠰ ᠤᠨ ᠫᠠᠷᠯᠠᠮᠸᠨ᠋ᠲ ᠬᠣᠭᠤᠷᠤᠨᠳᠤ ᠶᠢᠨ ᠬᠠᠷᠢᠯᠴᠠᠭ᠎ᠠ ᠂ ᠬᠠᠮᠲᠤ ᠶ᠋ᠢᠨ ᠠᠵᠢᠯᠯᠠᠭ᠎ᠠ ᠴᠢᠬᠤᠯᠠ ᠪᠠᠢᠷᠢ ᠰᠠᠭᠤᠷᠢ ᠡᠵᠡᠯᠡᠳᠡᠭ ᠢ ᠳᠤᠷᠠᠳᠤᠭᠠᠳ ᠂ ᠬᠣᠶᠠᠷ ᠲᠠᠯ᠎ᠠ ᠶᠢᠨ ᠫᠠᠷᠯᠠᠮᠸᠨ᠋ᠲ ᠤᠯᠠᠮᠵᠢᠯᠠᠯᠲᠤ ᠂ ᠨᠠᠢᠷᠰᠠᠭ ᠰᠡᠢᠬᠠᠠ ᠬᠠᠷᠢᠯᠴᠠᠭ᠎ᠠ ᠲᠠᠢ ᠲᠡᠳᠦᠢ ᠦᠭᠡᠢ ᠬᠠᠷᠢᠯᠴᠠᠨ ᠠᠢᠯᠴᠢᠯᠠᠯ ᠂ ᠬᠠᠮᠲᠤ ᠶ᠋ᠢᠨ ᠠᠵᠢᠯᠯᠠᠭ᠎ᠠ ᠢᠳᠡᠪᠬᠢᠲᠡᠢ ᠥᠷᠨᠢᠵᠦ ᠪᠠᠢᠬ᠎ᠠ ᠳᠤ ᠪᠡᠶᠡᠷ ᠲᠠᠢ ᠪᠠᠢᠭ᠎ᠠ ᠪᠠᠨ ᠢᠯᠡᠷᠬᠡᠢᠯᠡᠯ᠎ᠡ ᠃
ᠮᠣᠩᠭᠣᠯ ᠂ ᠬᠢᠲᠠᠳ ᠬᠣᠶᠠᠷ ᠤᠯᠤᠰ ᠤᠨ ᠫᠠᠷᠯᠠᠮᠸᠨ᠋ᠲ ᠬᠣᠭᠤᠷᠤᠨᠳᠤ ᠶᠢᠨ ᠪᠠᠢᠩᠭᠤ ᠶᠢᠨ ᠠᠭᠤᠯᠵᠠᠯᠲᠠ ᠶᠢᠨ ᠮᠸᠬᠠᠨᠢᠰᠮ ᠤᠨ ᠲᠠᠪᠤᠳᠤᠭᠠᠷ ᠤᠳᠠᠭ᠎ᠠ ᠶᠢᠨ ᠬᠤᠷᠠᠯᠳᠤᠭᠠᠨ ᠦᠨᠭᠭᠡᠷᠡᠭ᠍ᠰᠡᠠ ᠵᠢᠯ ᠪᠤᠶᠤ ᠬᠣᠶᠠᠷ ᠤᠯᠤᠰ ᠤᠨ ᠬᠤᠭᠤᠷᠦᠡᠳᠦ ᠳ᠋ᠢᠫᠯᠤᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠶ ᠂ ᠮᠣᠩᠭᠣᠯ ᠂ ᠬᠢᠲᠠᠳ ᠤᠨ ᠫᠠᠷᠯᠠᠮᠸᠨ᠋ᠲ ᠬᠣᠭᠤᠷᠤᠨᠳᠤ ᠶᠢᠨ ᠪᠠᠢᠩᠭᠤ ᠶᠢᠨ ᠠᠭᠤᠯᠵᠠᠯᠲᠠ ᠶᠢᠨ ᠮᠧᠬᠠᠨᠢᠰᠮ ᠪᠤᠢ ᠪᠣᠯᠣᠭᠰᠠᠨ ᠤ 10 ᠵᠢᠯ ᠦᠨ ᠣᠶ ᠲᠤᠰ ᠲᠤᠰ ᠲᠣᠬᠢᠶᠠᠭᠰᠠᠨ ᠴᠢᠬᠤᠯᠠ ᠵᠢᠯ ᠵᠣᠬᠢᠶᠠᠨ ᠪᠠᠢᠢᠭᠤᠯᠤᠭᠳᠠᠭᠰᠠᠨ ᠪᠥᠭᠡᠳ ᠮᠸᠬᠠᠨᠢᠰᠮ ᠤᠨ ᠬᠤᠷᠠᠯ ᠢ ᠡᠨᠡ ᠤᠳᠠᠭ᠎ᠠ ᠳᠤ ᠮᠣᠩᠭᠣᠯ ᠤᠯᠤᠰ ᠲᠤ ᠵᠣᠬᠢᠶᠠᠨ ᠪᠠᠢᠭᠤᠯᠤᠨ᠎ᠠ᠃ ᠲᠤᠰ ᠮᠸᠬᠠᠨᠢᠰᠮ ᠤᠨ ᠬᠦᠷᠢᠶᠡᠨ ᠳᠤ ᠬᠠᠤᠯᠢ ᠲᠤᠬᠳᠡᠭᠠᠬᠤ ᠲᠡᠭᠡᠳᠦ ᠪᠠᠢᠭᠤᠯᠤᠯᠭ᠎ᠠ ᠶᠢᠨ ᠵᠦᠭ ᠡᠴᠡ ᠪᠠᠲᠤᠯᠠᠭᠰᠠᠨ ᠬᠠᠤᠯᠢ ᠲᠣᠭᠲᠠᠭᠠᠮᠵᠢ ᠶᠢᠨ ᠬᠡᠷᠡᠭ᠍ᠵᠢᠯᠲᠡ᠂ ᠪᠡᠶᠡᠯᠡᠯᠲᠡ ᠳᠦ ᠬᠢᠨᠠᠯᠲᠠ ᠲᠠᠯᠪᠢᠬᠤ᠂ ᠬᠠᠤᠯᠢ ᠲᠤᠬᠳᠡᠭᠠᠬᠤ ᠦᠢᠯᠡ ᠠᠵᠢᠯᠯᠠᠭᠠᠨ ᠳᠤ ᠢᠷᠭᠡᠳ ᠦᠨ ᠣᠷᠣᠯᠴᠠᠭ᠎ᠠ ᠶᠢ ᠨᠡᠮᠡᠭ᠍ᠳᠡᠭᠦᠯᠬᠦ ᠴᠢᠭ᠍ᠯᠡᠯ ᠢᠶᠡᠷ ᠳᠡᠪᠰᠢᠯᠲᠡᠲᠦ ᠲᠧᠭ᠍ᠨᠣᠯᠣᠭᠢ ᠶᠢ ᠠᠰᠢᠭ᠌ᠯᠠᠬᠤ ᠪᠤᠯᠦᠠ ᠮᠡᠳᠡᠭᠡᠯᠡᠯ ᠦᠨ ᠲᠧᠭ᠍ᠨᠣᠯᠣᠭᠢ ᠶᠢ ᠨᠡᠪᠲᠡᠷᠡᠭᠦᠯᠦᠨ ᠬᠡᠪᠰᠢᠭᠦᠯᠵᠤ ᠪᠠᠢᠭ᠎ᠠ ᠲᠠᠯ᠎ᠠ ᠪᠡᠷᠬᠢ ᠲᠤᠷᠰᠢᠯᠭ᠎ᠠ ᠬᠤᠪᠢᠶᠠᠯᠴᠠᠬᠤ ᠲᠠᠯ᠎ᠠ ᠪᠠᠷ ᠲᠠᠯ᠎ᠠ ᠨᠤᠭᠤᠳ ᠰᠠᠨᠠᠯ ᠰᠣᠯᠢᠯᠴᠠᠪᠠ ᠃
ᠤᠯᠤᠰ ᠤᠨ ᠶᠡᠬᠡ ᠬᠤᠷᠠᠯ ᠤᠨ ᠳᠠᠷᠤᠭ᠎ᠠ ᠳ∙ ᠠᠮᠤᠷᠪᠠᠶᠠᠰᠬᠤᠯᠠᠩ ᠫᠠᠷᠯᠠᠮᠸᠨ᠋ᠲ ᠠᠴᠠ ᠪᠠᠲᠤᠯᠠᠨ ᠭᠠᠷᠴᠤ ᠪᠤᠶ ᠬᠠᠤᠯᠢ ᠨᠤᠭᠤᠳ ᠬᠥᠮᠥᠨ ᠤ ᠡᠷᠬᠡ ᠶᠢ ᠳᠡᠭᠡᠳᠦᠯᠡᠭ᠍ᠰᠡᠨ᠂ ᠢᠵᠢ ᠪᠦᠷᠢᠠ ᠵᠣᠬᠢᠴᠠᠭᠤᠯᠤᠯᠲᠠ ᠲᠠᠢ᠂ ᠴᠡᠬ ᠦᠶ᠎ᠡ ᠶᠢᠨ ᠱᠠᠭᠠᠷᠳᠠᠯᠭ᠎ᠠ ᠳᠤ ᠨᠡᠢᠴᠡᠭᠦᠯᠦᠨ ᠰᠢᠨᠡᠴᠢᠯᠡᠭ᠍ᠳᠡᠳᠡᠭ ᠪᠠᠢᠬᠤ《ᠭᠤᠷᠪᠠᠨ ᠲᠡᠭᠦᠯᠳᠡᠷᠰᠢᠯ》ᠪᠣᠳᠣᠯᠭ᠎ᠠ ᠶᠢ ᠪᠠᠷᠢᠮᠲᠠᠯᠠᠨ ᠠᠵᠢᠯᠯᠠᠵᠤ ᠪᠤᠢ ᠪᠠᠨ ᠣᠨᠴᠠᠯᠠᠯ᠎ᠠ᠃ ᠲᠡᠷᠡ ᠪᠡᠷ ᠬᠣᠶᠠᠷ ᠤᠯᠤᠰ ᠤᠨ ᠬᠥᠭ᠍ᠵᠢᠯ ᠤᠨ ᠰᠲᠷᠠᠲ᠋ᠧᠭᠢ ᠶᠢᠨ ᠤᠶᠠᠯᠳᠤᠭ᠎ᠠ ᠶᠢ ᠭᠦᠨᠵᠡᠭᠡᠢᠷᠡᠭᠦᠯᠵᠦ ᠂ ᠲᠡᠷᠡ ᠳᠤᠮᠳᠠ ᠪᠠᠨ ᠳᠡᠳ᠋ ᠪᠦᠲᠦᠴᠡ ᠂ ᠪᠣᠭᠤᠮᠲᠠ ᠶᠢᠨ ᠬᠥᠭ᠍ᠵᠢᠯ ᠂ ᠰᠡᠷᠭᠦᠭᠡᠭ᠍ᠳᠡᠬᠦ ᠡᠷᠴᠢᠮ ᠬᠦᠴᠦ ᠂ ᠬᠥᠳᠡᠭᠡ ᠠᠵᠤ ᠠᠬᠤᠶ᠂ ᠳᠡᠪᠰᠢᠯᠲᠡᠲᠦ ᠲᠸᠭ᠍ᠨᠣᠯᠣᠭᠢ᠂ ᠪᠠᠢᠭᠠᠯᠢ ᠣᠷᠴᠢᠨ ᠤ ᠰᠠᠯᠪᠤᠷᠢ ᠳᠤ ᠬᠠᠮᠲᠤ ᠶ᠋ᠢᠨ ᠠᠵᠢᠯᠯᠠᠭ᠎ᠠ ᠪᠠᠨ ᠲᠦᠯᠬᠢᠭᠦᠦ ᠬᠥᠭ᠍ᠵᠢᠭᠦᠯᠬᠦ ᠰᠠᠨᠠᠯ ᠢᠶᠠᠨ ᠢᠯᠡᠷᠬᠡᠢᠯᠡᠪᠡ᠃ ᠮᠣᠩᠭᠣᠯ ᠂ ᠬᠢᠲᠠᠳ ᠤᠨ ᠬᠥᠭ᠍ᠵᠢᠯ ᠤᠨ ᠪᠣᠳᠣᠯᠭ᠎ᠠ ᠶᠢ ᠬᠠᠷᠢᠯᠴᠠᠨ ᠤᠶᠠᠯᠳᠤᠭᠤᠯᠬᠤ ᠬᠦᠷᠢᠶᠡᠨ ᠳᠤ ᠢᠷᠡᠬᠦ ᠣᠨ ᠳᠤ ᠪᠡᠳᠦᠯᠡᠬᠤ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ 15 ᠳ᠋ᠡᠬᠢ ᠤᠳᠠᠭ᠎ᠠ ᠶᠢᠨ ᠲᠠᠪᠤᠨ ᠵᠢᠯ ᠦᠨ ᠲᠥᠯᠥᠪᠯᠡᠭᠡ ᠳᠤ ᠲᠠᠯ᠎ᠠ ᠨᠤᠭᠤᠳ ᠤᠨ ᠬᠠᠮᠲᠤᠷᠠᠨ ᠬᠡᠷᠡᠭ᠍ᠵᠢᠭᠦᠯᠬᠦ ᠲᠣᠮᠤᠬᠠᠨ ᠲᠥᠰᠥᠯ ᠦᠳ ᠢ ᠲᠤᠰᠬᠠᠬᠤ ᠲᠠᠯ᠎ᠠ ᠪᠠᠷ ᠬᠠᠷᠢᠯᠴᠠᠨ ᠰᠠᠨᠠᠯ ᠰᠣᠯᠢᠯᠴᠠᠯ᠎ᠠ ᠃
ᠪᠣᠭᠤᠮᠲᠠ ᠂ ᠳᠡᠳ᠋ ᠪᠦᠲᠦᠴᠡ ᠶᠢᠨ ᠬᠠᠮᠲᠤ ᠶ᠋ᠢᠨ ᠠᠵᠢᠯᠯᠠᠭᠠᠨ ᠤ ᠬᠦᠷᠢᠶᠡᠨ ᠳᠤ 《ᠭᠠᠰᠢᠭᠤᠨᠰᠤᠬᠠᠢᠲᠤ᠂ ᠭᠠᠭᠴᠠᠮᠤᠳᠤ ᠪᠣᠭᠤᠮᠲᠠ ᠶᠢᠨ ᠬᠢᠯᠢ ᠳᠠᠮᠨᠠᠭᠰᠠᠨ ᠲᠡᠮᠦᠷ ᠵᠡᠮ ᠂ ᠨᠡᠭᠦᠷᠡᠰᠦᠨ ᠤ ᠬᠤᠳᠠᠯᠳᠤᠭ᠎ᠠ ᠂ ᠲᠠᠪᠤᠨᠲᠣᠯᠣᠭᠠᠢ ᠶᠢᠨ ᠨᠡᠭᠦᠷᠡᠰᠦᠨ ᠤ ᠠᠭᠤᠷᠬᠠᠢ ᠶᠢᠨ ᠬᠦᠴᠦᠨ ᠴᠢᠳᠠᠯ ᠢ ᠨᠡᠮᠡᠭ᠍ᠳᠡᠭᠦᠯᠬᠦ ᠬᠠᠮᠲᠤ ᠶ᠋ᠢᠨ ᠠᠵᠢᠯᠯᠠᠭᠠᠨ ᠤ ᠲᠤᠬᠠᠶ ᠮᠣᠩᠭᠣᠯ ᠤᠯᠤᠰ ᠤᠨ ᠵᠠᠰᠠᠭ ᠤᠨ ᠭᠠᠵᠠᠷ ᠪᠤᠯᠦᠠ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠶᠢᠨ ᠬᠡᠯᠡᠯᠴᠡᠭᠡᠷ》ᠪᠠᠢᠭᠤᠯᠤᠭᠰᠠᠨ ᠲᠠᠢ ᠬᠣᠯᠪᠤᠭᠳᠠᠭᠤᠯᠤᠨ ᠣᠢᠷ᠎ᠠ ᠶᠢᠨ ᠬᠤᠭᠤᠴᠠᠭᠠᠨ ᠳᠤ ᠫᠠᠷᠯᠠᠮᠸᠨ᠋ᠲ ᠢᠶᠠᠷ ᠬᠤᠯᠪᠦᠬᠳᠡᠬᠤ ᠬᠠᠤᠯᠢ ᠶᠢ ᠰᠣᠶᠣᠷᠬᠠᠨ ᠪᠠᠲᠤᠯᠠᠨ᠂ ᠪᠦᠲᠦᠭᠡᠨ ᠪᠠᠢᠭᠤᠯᠤᠯᠲᠠ ᠶᠢ ᠡᠬᠢᠯᠡᠭᠦᠯᠬᠦ ᠲᠠᠯ᠎ᠠ ᠪᠠᠷ ᠶᠠᠷᠢᠯᠴᠠᠪᠠ ᠃ ᠡᠭᠦᠨ ᠲᠠᠢ ᠬᠣᠯᠪᠤᠭᠳᠠᠭᠤᠯᠤᠨ ᠰᠢᠪᠡᠭᠡ ᠬᠦᠷᠡᠩ᠂ ᠴᠡᠭᠡ᠂ ᠬᠠᠩᠭᠢ᠂ ᠮᠠᠨᠳᠤᠯ᠂ ᠪᠢᠴᠢᠭᠲᠦ ᠵᠡᠭᠦᠨ ᠬᠠᠲᠠᠪᠴᠢ ᠵᠡᠷᠭᠡ ᠪᠣᠭᠤᠮᠲᠠ ᠶᠢᠨ ᠬᠣᠯᠪᠣᠯᠲᠠ ᠶᠢᠨ ᠠᠰᠠᠭᠤᠳᠠᠯ ᠢ ᠵᠡᠷᠭᠡᠴᠡᠭᠦᠯᠦᠨ ᠡᠬᠢᠯᠡᠭᠦᠯᠬᠦ ᠂ ᠮᠥᠨ ᠪᠤᠯᠠᠭᠠᠨ ᠲᠠᠺᠠᠱᠢᠺᠧᠨ ᠪᠣᠭᠤᠮᠲᠠ ᠶᠢᠨ ᠥᠷᠭᠡᠳᠬᠡᠯ ᠂ ᠪᠠᠷᠠᠭᠤᠨ ᠪᠦᠰᠡ ᠳᠤ ᠬᠤᠳᠠᠯᠳᠤᠭ᠎ᠠ᠂ ᠡᠳ᠋ ᠦᠨ ᠵᠠᠰᠠᠭ ᠤᠨ ᠬᠣᠶᠠᠳᠤᠭᠠᠷ ᠪᠣᠭᠣᠮᠲᠠ ᠶᠢ ᠪᠡᠢᠭᠤᠯᠬᠤ ᠂ ᠪᠠᠷᠠᠭᠤᠨ ᠪᠦᠰᠡ ᠶᠢᠨ ᠬᠥᠮᠦᠨ ᠠᠮᠠ ᠶᠢᠨ ᠵᠠᠬ᠎ᠠ ᠵᠡᠭᠡᠯᠢ ᠠᠴᠠ ᠠᠯᠤᠰᠯᠠᠭᠳᠠᠭᠰᠠᠨ ᠪᠠᠢᠳᠠᠯ ᠢ ᠠᠷᠢᠯᠭᠠᠬᠤ ᠂ ᠪᠦᠰᠡ ᠨᠤᠲᠤᠭ ᠤᠨ ᠬᠡᠮᠵᠢᠶᠡᠨ ᠳᠤ ᠪᠠᠢᠭ᠎ᠠ ᠤᠷᠦᠰ ᠂ ᠮᠣᠩᠭᠣᠯ ᠂ ᠬᠢᠲᠠᠳ ᠤᠨ 30 ᠭᠠᠷᠦᠢ ᠰᠠᠶ᠎ᠠ ᠬᠥᠮᠦᠨ ᠠᠮᠠ ᠶᠢᠨ ᠵᠠᠬ᠎ᠠ ᠵᠡᠭᠡᠯᠢ ᠶᠢᠨ ᠲᠥᠪᠯᠡᠷᠡᠯ ᠢ ᠪᠤᠢ ᠪᠣᠯᠭᠠᠬᠤ ᠴᠢᠭ᠍ᠯᠡᠯ ᠢᠶᠡᠷ ᠶᠠᠷᠢᠯᠴᠠᠯ᠎ᠠ ᠃
ᠮᠣᠩᠭᠣᠯ ᠤᠯᠤᠰ ᠤᠨ ᠪᠦᠰᠡᠴᠢᠯᠡᠭ᠍ᠰᠡᠨ ᠬᠥᠭ᠍ᠵᠢᠯ ᠤᠨ ᠪᠣᠳᠣᠯᠭ᠎ᠠ ᠶᠢᠨ ᠬᠦᠷᠢᠶᠡᠨ ᠳᠤ ᠪᠠᠷᠠᠭᠤᠨ ᠪᠦᠰᠡ ᠨᠤᠲᠤᠭ ᠢ ᠡᠷᠴᠢᠮ ᠬᠦᠴᠦᠨ ᠤ ᠲᠥᠪᠯᠡᠷᠡᠭ᠍ᠰᠡᠨ ᠲᠥᠪ ᠂ ᠭᠣᠪᠢ ᠶᠢᠨ ᠪᠦᠰᠡ ᠶᠢ ᠡᠷᠴᠢᠮ ᠬᠦᠴᠦᠨ ᠤ ᠳᠡᠳ᠋ ᠲᠥᠪ ᠪᠣᠯᠭᠠᠨ ᠵᠠᠷᠯᠠᠭᠰᠠᠨ ᠲᠠᠢ ᠬᠣᠯᠪᠤᠭᠳᠠᠭᠤᠯᠤᠨ ᠰᠡᠷᠭᠦᠭᠡᠭ᠍ᠳᠡᠬᠦ ᠡᠷᠴᠢᠮ ᠬᠦᠴᠦᠨ ᠤ ᠡᠬᠢ ᠡᠭᠦᠰᠪᠦᠷᠢ ᠶᠢ ᠨᠡᠮᠡᠭ᠍ᠳᠡᠭᠦᠯᠵᠦ ᠂ ᠬᠥᠷᠥᠩᠭᠡ ᠣᠷᠤᠭᠤᠯᠤᠯᠲᠠ ᠶᠢ ᠲᠥᠪᠯᠡᠷᠡᠭᠦᠯᠬᠦ ᠂ ᠡᠷᠴᠢᠮ ᠬᠦᠴᠦᠨ ᠤ ᠨᠠᠢᠳᠠᠪᠤᠷᠢ ᠲᠠᠢ ᠬᠠᠩᠭᠠᠮᠵᠢ ᠶᠢ ᠪᠤᠢ ᠪᠣᠯᠭᠠᠬᠤ ᠬᠦᠷᠢᠶᠡᠨ ᠳᠤ ᠰᠤᠳᠤᠯᠤᠭᠳᠠᠭᠰᠠᠨ ᠲᠠᠯᠠᠪᠠᠢ ᠳᠤ ᠲᠣᠮᠤ ᠴᠢᠳᠠᠯ ᠤᠨ ᠨᠠᠷᠠ ᠂ ᠰᠠᠯᠬᠢᠨ ᠤ ᠰᠡᠷᠭᠦᠭᠡᠭ᠍ᠳᠡᠬᠦ ᠡᠷᠴᠢᠮ ᠬᠦᠴᠦᠨ ᠤ ᠰᠲ᠋ᠠᠨᠼ ᠪᠠᠷᠢᠵᠤ᠂ ᠴᠠᠬᠢᠯᠭᠠᠨ ᠡᠷᠴᠢᠮ ᠬᠦᠴᠦ ᠶᠢ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠲᠤ ᠡᠺᠰᠫᠣᠷᠲᠯᠠᠬᠤ ᠪᠣᠯᠤᠮᠵᠢ ᠶᠢᠨ ᠲᠠᠯ᠎ᠠ ᠪᠠᠷ ᠶᠠᠷᠢᠯᠴᠠᠪᠠ᠃ ᠮᠥᠨ ᠲᠠᠯ᠎ᠠ ᠨᠤᠭᠤᠳ ᠬᠠᠮᠲᠤ ᠶ᠋ᠢᠨ ᠠᠵᠢᠯᠯᠠᠭᠠᠨ ᠤ ᠰᠢᠨ᠎ᠡ ᠴᠢᠭ᠍ᠯᠡᠯ ᠦᠨ ᠲᠠᠯ᠎ᠠ ᠪᠠᠷ ᠰᠠᠨᠠᠯ ᠰᠣᠯᠢᠯᠴᠠᠵᠤ ᠂ ᠥᠨᠳᠦᠷ ᠲᠧᠻᠨᠣᠯᠣᠭᠢ ᠶᠢᠨ ᠬᠥᠭ᠍ᠵᠢᠯ᠂ ᠬᠢᠮᠡᠯ ᠣᠶᠣᠨ ᠤᠬᠠᠭᠠᠨ ᠤ ᠬᠠᠮᠲᠤ ᠶ᠋ᠢᠨ ᠠᠵᠢᠯᠯᠠᠭᠠᠨ ᠤ ᠬᠦᠷᠢᠶᠡᠨ ᠳᠤ ᠮᠣᠩᠭᠣᠯ ᠤᠯᠤᠰ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠴᠠᠬᠢᠯᠭᠠᠨ ᠠᠦ᠋ᠲ᠋ᠣ᠋ ᠮᠠᠰᠢᠨ ᠦᠢᠯᠡᠳᠪᠦᠷᠢᠯᠡᠯ ᠤᠨ ᠭᠢᠨᠵᠢᠨ ᠬᠡᠯᠬᠢᠶᠡᠨ ᠳᠦ ᠨᠢᠭᠡᠳᠬᠦ ᠬᠦᠰᠡᠯ ᠲᠠᠢ ᠪᠠᠢᠭ᠎ᠠ ᠪᠠᠨ ᠢᠯᠡᠷᠬᠡᠢᠯᠡᠪᠡ᠃ ᠮᠥᠨ ᠮᠠᠯᠴᠢᠳ ᠲᠠᠷᠢᠶᠠᠯᠠᠩᠴᠢᠳ ᠤᠨ ᠣᠷᠣᠯᠭ᠎ᠠ ᠶᠢ ᠨᠡᠮᠡᠭ᠍ᠳᠡᠭᠦᠯᠬᠦ ᠬᠦᠷᠢᠶᠡᠨ ᠳᠤ ᠮᠠᠯ ᠠᠵᠤ ᠠᠬᠤᠶ ᠂ ᠭᠠᠵᠠᠷ ᠲᠠᠷᠢᠶᠠᠯᠠᠩ ᠤᠨ ᠪᠦᠲᠦᠭᠡᠭ᠍ᠳᠡᠬᠦᠨ ᠢ ᠡᠳ᠋ ᠦᠨ ᠵᠠᠰᠠᠭ ᠤᠨ ᠡᠷᠭᠢᠯᠲᠡ ᠳᠤ ᠢᠳᠡᠪᠬᠢᠲᠡᠢ ᠣᠷᠣᠭᠤᠯᠬᠤ ᠬᠦᠷᠢᠶᠡᠨ ᠳᠤ ᠮᠣᠩᠭᠣᠯ ᠤᠯᠤᠰ ᠤᠨ ᠤᠯᠠᠭᠠᠨ ᠪᠤᠭᠤᠳᠠᠢ ᠂ ᠭᠤᠯᠢᠷ ᠲᠡᠵᠢᠭᠡᠯ ᠢ ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠯᠤᠰ ᠲᠤ ᠡᠺᠰᠫᠣᠷᠲᠯᠠᠬᠤ ᠂ ᠠᠩᠬᠠᠨ ᠱᠠᠲᠤᠨ ᠤ ᠪᠣᠯᠪᠠᠰᠤᠷᠠᠭᠤᠯᠤᠯᠲᠠ ᠬᠢᠭ᠍ᠰᠡᠨ ᠮᠠᠯ ᠤᠨ ᠭᠠᠷᠤᠯᠲᠠᠢ ᠲᠦᠭᠦᠬᠡᠢ ᠡᠳ᠋ ᠦᠨ ᠡᠺᠰᠫᠣᠷᠲ ᠢ ᠨᠡᠮᠡᠭ᠍ᠳᠡᠭᠦᠯᠬᠦ ᠪᠣᠯᠤᠮᠵᠢ ᠶᠢᠨ ᠲᠠᠯ᠎ᠠ ᠪᠠᠷ ᠬᠠᠷᠢᠯᠴᠠᠨ ᠰᠠᠨᠠᠯ ᠰᠣᠯᠢᠯᠴᠠᠯ᠎ᠠ ᠃
ᠪᠦᠭᠦᠳᠡ ᠨᠠᠢᠷᠠᠮᠳᠠᠬᠤ ᠬᠢᠲᠠᠳ ᠠᠷᠠᠳ ᠤᠯᠤᠰ ᠤᠨ ᠪᠦᠬᠦ ᠬᠢᠲᠠᠳ ᠤᠨ ᠠᠷᠠᠳ ᠤᠨ ᠲᠥᠯᠥᠭᠡᠯᠡᠭ᠍ᠴᠢᠳ ᠦᠨ ᠶᠡᠭᠡ ᠬᠤᠷᠠᠯ ᠤᠨ ᠪᠠᠢᠩᠭᠤ ᠶᠢᠨ ᠬᠣᠷᠢᠶᠠᠨ ᠤ ᠳᠠᠷᠤᠭ᠎ᠠ ᠵᠤᠦ ᠯᠧ ᠵᠢᠢ ᠬᠣᠶᠠᠷ ᠤᠯᠤᠰ ᠬᠠᠷᠢᠯᠴᠠᠨ ᠠᠰᠢᠭ ᠲᠠᠢ ᠬᠠᠮᠲᠤ ᠶ᠋ᠢᠨ ᠠᠵᠢᠯᠯᠠᠭ᠎ᠠ ᠪᠠᠨ ᠭᠦᠨᠵᠡᠭᠡᠢᠷᠡᠭᠦᠯᠵᠦ᠂ ᠬᠥᠭ᠍ᠵᠢᠯ ᠤᠨ ᠰᠲᠷᠠᠲ᠋ᠧᠭᠢ ᠶᠢᠨ ᠤᠶᠠᠯᠳᠤᠭ᠎ᠠ ᠬᠣᠯᠪᠣᠭ᠎ᠠ ᠶᠢ ᠪᠡᠬᠢᠵᠢᠭᠦᠯᠬᠦ᠂ ᠠᠭᠤᠯᠠ ᠠᠭᠤᠷᠬᠠᠢ᠂ ᠡᠷᠴᠢᠮ ᠬᠦᠴᠦ ᠂ ᠳᠡᠳ᠋ ᠪᠦᠲᠦᠴᠡ ᠵᠡᠷᠭᠡ ᠤᠯᠠᠮᠵᠢᠯᠠᠯᠲᠤ ᠰᠠᠯᠪᠤᠷᠢ ᠶᠢᠨ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ ᠠᠴᠠ ᠭᠠᠳᠡᠨ᠎ᠡ ᠳ᠋ᠢᠵᠢᠲ᠋ᠠᠯ ᠡᠳ᠋ ᠦᠨ ᠵᠠᠰᠠᠭ ᠨᠣᠭᠤᠭᠠᠨ ᠬᠥᠭ᠍ᠵᠢᠯ ᠤᠨ ᠴᠢᠭ᠍ᠯᠡᠯ ᠢᠶᠡᠷ ᠰᠢᠨ᠎ᠡ ᠪᠣᠯᠣᠮᠵᠢ ᠨᠤᠭᠤᠳ ᠢ ᠡᠷᠢᠯᠬᠢᠯᠡᠬᠦ ᠶᠢ ᠵᠣᠷᠢᠵᠤ ᠪᠤᠶ ᠲᠠᠯ᠎ᠠ ᠪᠠᠷ ᠣᠨᠴᠠᠯᠠᠪᠠ᠃ ᠮᠥᠨ ᠬᠠᠤᠯᠢ ᠲᠤᠬᠳᠡᠭᠠᠬᠤ ᠪᠠᠢᠭᠤᠯᠤᠯᠤᠭᠠ ᠬᠣᠭᠤᠷᠤᠨᠳᠤ ᠶᠢᠨ ᠬᠠᠮᠲᠤ ᠶ᠋ᠢᠨ ᠠᠵᠢᠯᠯᠠᠭ᠎ᠠ ᠶᠢ ᠭᠦᠨᠵᠡᠭᠡᠢᠢᠷᠡᠭᠦᠯᠬᠦ ᠬᠦᠷᠢᠶᠡᠨ ᠳᠤ ᠬᠣᠶᠠᠷ ᠲᠠᠯ᠎ᠠ ᠶᠢᠨ ᠮᠡᠷᠭᠡᠵᠢᠯ ᠤᠨ ᠪᠠᠢᠩᠭᠤ ᠶᠢᠨ ᠬᠣᠷᠢᠶᠠᠳ᠂ ᠫᠠᠷᠯᠠᠮᠧᠨ᠋ᠲ ᠤᠨ ᠨᠠᠢᠷᠠᠮᠳᠠᠯ ᠤᠨ ᠪᠦᠯᠦᠭ ᠤᠳ ᠪᠤᠯᠦᠠ ᠨᠤᠲᠤᠭ ᠤᠨ ᠥᠪᠡᠷ ᠢᠶᠠᠨ ᠤᠳᠤᠷᠢᠳᠬᠤ ᠪᠠᠢᠭᠤᠯᠤᠯᠭ᠎ᠠ ᠨᠤᠭᠤᠳ ᠬᠣᠭᠤᠷᠤᠨᠳᠤ ᠶᠢᠨ ᠬᠠᠷᠢᠯᠴᠠᠭ᠎ᠠ ᠂ ᠬᠠᠮᠲᠤ ᠶ᠋ᠢᠨ ᠠᠵᠢᠯᠯᠠᠭ᠎ᠠ ᠶᠢ ᠥᠷᠭᠡᠵᠢᠭᠦᠯᠬᠦ ᠂ ᠲᠤᠷᠰᠢᠯᠭ᠎ᠠ ᠰᠣᠯᠢᠯᠴᠠᠬᠤ ᠶᠢ ᠡᠷᠴᠢᠮᠵᠢᠭᠦᠯᠬᠦ ᠬᠦᠰᠡᠯ ᠲᠠᠢ ᠪᠠᠢᠭ᠎ᠠ ᠪᠠᠨ ᠢᠯᠡᠷᠬᠡᠢᠯᠡᠯ᠎ᠡ ᠭᠡᠵᠦ ᠤᠯᠤᠰ ᠤᠨ ᠶᠡᠬᠡ ᠬᠤᠷᠠᠯ ᠤᠨ ᠭᠡᠪᠯᠡᠯ ᠮᠡᠳᠡᠭᠡᠯᠡᠯ ᠦᠨ ᠭᠠᠵᠠᠷ ᠠᠴᠠ ᠮᠡᠳᠡᠭᠡᠯᠡᠪᠡ ᠃