ᠡᠨᠡᠳᠬᠡᠭ ᠤᠨ ᠭᠠᠳᠠᠭᠠᠳᠤ ᠬᠠᠷᠢᠯᠴᠠᠭᠠᠨ ᠤ ᠶᠠᠮᠤᠨ᠂ ᠪᠠᠲᠤᠯᠠᠨ ᠬᠠᠮᠠᠭᠠᠯᠠᠬᠤ ᠶᠢᠨ ᠶᠠᠮᠤᠨ ᠂ ᠨᠢᠭᠡᠳᠦᠭ᠍ᠰᠡᠨ ᠦᠨᠳᠦᠰᠦᠨ ᠤ ᠪᠠᠢᠭᠤᠯᠤᠯᠭ᠎ᠠ ᠶᠢᠨ ᠡᠩᠬᠡ ᠶᠢ ᠰᠠᠬᠢᠭᠤᠯᠬᠤ ᠲᠥᠪ ᠬᠠᠮᠲᠤᠷᠠᠨ ᠡᠨᠡ ᠰᠠᠷ᠎ᠠ ᠶᠢᠨ 24-25 ᠣ ᠡᠳᠦᠷ ᠤᠳ ᠲᠤ ᠰᠢᠨ᠎ᠡ ᠳ᠋ᠧᠯᠢ ᠬᠣᠲᠠᠨ᠎ᠠ 《 Women in Peacekeeping ᠄ A Global South Perspective 》 ᠴᠢᠭᠤᠯᠭᠠᠨ ᠢ ᠵᠣᠬᠢᠶᠠᠨ ᠪᠠᠢᠭᠤᠯᠵᠤ ᠪᠡᠢᠨ᠎ᠡ ᠃ ᠡᠨᠡ ᠣᠨ ᠳᠤ ᠡᠩᠬᠡ ᠶᠢ ᠰᠠᠬᠢᠭᠤᠯᠬᠤ ᠠᠵᠢᠯᠯᠠᠭᠠᠨ ᠳᠤ ᠡᠮᠡᠭ᠍ᠲᠡᠢᠴᠦᠳ ᠢ ᠣᠷᠣᠯᠴᠠᠭᠤᠯᠳᠠᠭ ᠪᠣᠯᠣᠭᠰᠠᠨ ᠤ 25 ᠵᠢᠯ ᠦᠨ ᠣᠶ ᠲᠣᠬᠢᠶᠠᠵᠤ ᠪᠠᠢᠭ᠎ᠠ ᠶᠤᠮ ᠃
ᠲᠡᠢᠮᠦ ᠡᠴᠡ ᠡᠩᠬᠡ ᠶᠢ ᠰᠠᠬᠢᠭᠤᠯᠤᠭ᠌ᠴᠢ ᠡᠮᠡᠭ᠍ᠲᠡᠢᠴᠦᠳ ᠤᠨ ᠣᠷᠣᠯᠴᠠᠭᠠᠨ ᠤ ᠠᠰᠠᠭᠤᠳᠠᠯ ᠤᠨ ᠲᠤᠬᠠᠢ ᠠᠩᠬᠠᠳᠤᠭᠠᠷ ᠴᠢᠭᠤᠯᠭᠠᠨ ᠪᠣᠯᠵᠤ ᠂ ᠮᠣᠩᠭᠣᠯ ᠠᠴᠠ ᠦᠨᠳᠦᠰᠦᠨ ᠦ ᠪᠠᠲᠤᠯᠠᠨ ᠬᠠᠮᠠᠭᠠᠯᠠᠬᠤ ᠶᠡᠬᠡ ᠰᠤᠷᠭᠠᠭᠤᠯᠢ ᠶᠢᠨ ᠭᠠᠳᠠᠭᠠᠳᠤ ᠬᠡᠯᠡᠨ ᠤ ᠰᠤᠷᠭᠠᠯᠲᠠ ᠶᠢᠨ ᠲᠥᠪ ᠦᠨ ᠳᠠᠷᠤᠭ᠎ᠠ ᠂ ᠬᠤᠷᠠᠩᠳᠠ ᠮ ∙ ᠬᠣᠩᠭᠤᠷᠵᠤᠯᠠ ᠣᠷᠣᠯᠴᠠᠪᠠ ᠃ ᠲᠡᠷᠡ ᠪᠡᠷ ᠡᠨᠡᠳᠬᠡᠭ ᠤᠨ ᠶᠡᠷᠦᠩᠬᠡᠢᠢᠯᠡᠭ᠍ᠴᠢ ᠳ᠋ᠷᠤᠤᠫᠠᠳᠢ ᠮᠤᠷᠮᠤ ᠲᠠᠢ ᠠᠭᠤᠯᠵᠠᠵᠤ ᠡᠮᠡᠭ᠍ᠳᠡᠢ ᠡᠩᠬᠡ ᠶᠢ ᠰᠠᠬᠢᠭᠤᠯᠤᠭ᠌ᠴᠢᠳ ᠢ ᠲᠥᠯᠥᠭᠡᠯᠡᠨ ᠦᠭᠡ ᠬᠡᠯᠡᠵᠡᠢ ᠃